ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠵᠡᠭᠡᠷᠡᠲᠦ ᠬᠤᠲᠠ ᠪᠠᠯᠭᠠᠰᠤᠨ ᠤ ᠭᠤᠸᠠᠩ ᠴᠠᠩ ᠯᠦᠩ ᠲᠣᠰᠬᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/24
            ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠴᠣᠭᠴᠠᠯᠠᠬᠤ ᠶᠢ ᠵᠣᠷᠢᠭᠵᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠶᠢᠨ ᠲᠥᠯᠥᠭᠡ᠂ 4 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠵᠡᠭᠡᠷᠡᠲᠦ ᠬᠤᠲᠠ ᠪᠠᠯᠭᠠᠰᠤᠨ ᠤ ᠭᠤᠸᠠᠩ ᠴᠠᠩ ᠯᠦᠩ ᠲᠣᠰᠬᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠪᠠ᠃

      ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ ᠪᠠᠶᠠᠷᠯᠠᠨ ᠢᠨᠢᠶᠡᠯᠴᠡᠵᠦ᠂ ᠠᠯᠠᠭ᠎ᠠ ᠲᠠᠰᠢᠯᠳᠠ ᠶᠢᠨ ᠲᠠᠭᠤᠨ

ᠨᠢᠵᠢᠭᠢᠨᠡᠪᠡ᠃ ᠭᠡᠰᠢᠭᠦᠳ ᠠᠮᠢᠳᠤᠷᠠᠯ ᠳᠤ ᠣᠶᠢᠷᠠᠳᠤᠭᠰᠠᠨ᠂ ᠦᠵᠡᠵᠦ ᠰᠣᠨᠣᠰᠬᠤ ᠳᠤᠷᠠᠲᠠᠶ ᠫᠷᠤᠭ᠍ᠷᠠᠮ ᠢ ᠨᠠᠷᠢᠨ

ᠨᠢᠮᠪᠠᠶ ᠨᠠᠶᠢᠷᠠᠭᠤᠯᠤᠨ ᠵᠢᠭᠰᠠᠭᠠᠵᠤ᠂ ᠪᠥᠵᠢᠭ᠂ ᠬᠥᠭᠵᠢᠮ᠂ ᠳᠠᠭᠤᠤ ᠶᠢ ᠨᠢᠭᠡ ᠤᠳᠠᠭᠠᠨ ᠤ ᠲᠣᠭᠯᠠᠯᠲᠠ ᠳᠤ

ᠭᠤᠸᠠᠩ ᠴᠠᠩ ᠯᠦᠩ ᠲᠣᠰᠬᠤᠨ ᠤ ᠠᠷᠠᠳ ᠲᠤ ᠬᠦᠷᠭᠡᠪᠡ᠃ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠭᠡᠰᠢᠭᠦᠳ

ᠪᠠᠰᠠ ᠠᠬᠠᠮᠠᠳ ᠨᠠᠮ ᠤᠨ ᠭᠡᠰᠢᠭᠦᠨ ᠤ ᠭᠡᠷ ᠲᠤ ᠬᠦᠷᠴᠦ ᠬᠥᠳᠡᠯᠵᠦ ᠪᠠᠷᠢᠬᠤ ᠳᠤ ᠳᠥᠭᠦᠮ ᠦᠭᠡᠢ

ᠨᠠᠰᠤᠲᠠᠶᠢᠴᠤᠳ ᠲᠤ ᠲᠣᠭᠯᠠᠯᠲᠠ ᠬᠦᠷᠭᠡᠵᠦ᠂ ᠲᠡᠳᠡᠨ ᠲᠠᠢ ᠵᠣᠭᠤᠭᠳᠠᠵᠤ᠂  ᠬᠠᠮᠳᠣ ᠳᠠᠭᠤᠯᠠᠵᠤ᠂ ᠨᠠᠮ ᠤᠨ

ᠬᠠᠶᠢᠷ᠎ᠠ ᠬᠠᠯᠠᠮᠵᠢ ᠶᠢ ᠬᠦᠷᠭᠡᠪᠡ᠃

     ᠭᠤᠶᠢᠳᠠ ᠰᠠᠶᠢᠬᠠᠨ ᠲᠣᠭᠯᠠᠯᠲᠠ ᠨᠢ ᠥᠷᠭᠡᠨ ᠤᠯᠠᠨ ᠲᠣᠰᠬᠤᠨ ᠤ ᠠᠷᠠᠳ ᠤᠨ ᠤᠶᠤᠨ ᠰᠠᠨᠠᠭ᠎ᠠ

ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠠᠶᠠᠷ ᠪᠠᠶᠠᠰᠤᠯ ᠪᠣᠯᠤᠨ ᠪᠣᠯᠪᠠᠰᠤᠨ ᠢ

ᠦᠨᠳᠦᠰᠦᠨ ᠱᠠᠲᠤᠨ ᠳᠤ ᠬᠦᠷᠭᠡᠵᠦ᠂ ᠨᠠᠮ ᠤᠨ ᠲᠠᠭᠤᠨ ᠪᠣᠯᠤᠨ ᠬᠠᠯᠠᠮᠵᠢᠯᠠᠯ ᠢ ᠠᠷᠠᠳ ᠤᠯᠠᠨ ᠤ ᠰᠡᠳᠬᠢᠯ ᠳᠤ

ᠳᠠᠮᠵᠢᠭᠤᠯᠵᠤ᠂ ᠲᠡᠳᠡᠨ ᠤ ᠰᠢᠨ᠎ᠡ ᠴᠠᠭ ᠦᠶ᠎ᠡ ᠶᠢᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠰᠠᠶᠢᠨ ᠰᠠᠶᠢᠬᠠᠨ

ᠭᠡᠷ ᠣᠷᠣᠨ ᠢᠶᠠᠨ ᠬᠠᠮᠲᠤᠪᠠᠷ ᠪᠠᠶᠢᠭᠤᠯᠬᠤ ᠢᠲᠡᠭᠡᠯ ᠢ ᠤᠯᠠᠮ ᠴᠢᠨᠠᠭᠰᠢᠳᠠ ᠬᠥᠭᠵᠢᠭᠡᠵᠡᠢ᠃

       

              ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

             ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号