ᠰᠢᠨ ᠬᠤᠸᠠ ᠳᠠᠭᠠᠳᠬᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠶ ᠳᠠᠭᠠᠭᠠᠮᠠᠯ ᠵᠠᠩ ᠶᠢᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠡᠷᠡᠲᠦ ᠬᠤᠲᠠ ᠪᠠᠯᠭᠠᠰᠤᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/26
            4 ᠰᠠᠷ᠎ᠠ ᠶᠢᠨ 25 ᠤ ᠡᠳᠦᠷ᠂ ᠰᠢᠨ ᠬᠤᠸᠠ ᠳᠠᠭᠠᠳᠬᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠶ ᠳᠠᠭᠠᠭᠠᠮᠠᠯ ᠵᠠᠩ ᠶᠢᠩ ᠥᠪᠥᠷ ᠮᠣᠩᠭᠤᠯ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠡᠷᠡᠲᠦ ᠬᠤᠲᠠ ᠪᠠᠯᠭᠠᠰᠤᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠰᠦᠨ ᠵᠢᠶᠠᠨ ᠹᠧᠩ᠂ ᠪᠠᠯᠭᠠᠰᠤ ᠲᠣᠰᠬᠤᠨ ᠤ ᠬᠠᠮᠢᠶ᠎ᠠ ᠪᠥᠬᠦᠶ ᠬᠥᠮᠦᠰ ᠪᠠᠷ᠎ᠠ ᠪᠣᠯᠪᠠ᠃

      ᠵᠠᠩ ᠶᠢᠩ ᠨᠡᠷ ᠤᠷᠢᠳ ᠬᠤᠵᠢᠳ ᠮᠢᠷᠠᠯᠵᠠᠭᠤᠷ ᠲᠣᠰᠬᠤᠨ ᠤ  ᠵᠦᠩ ᠨᠦᠩ ᠠᠮᠢᠳᠤ ᠪᠣᠳᠠᠰ ᠤᠨ

ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠭᠤᠸᠠᠩ ᠴᠠᠩ ᠯᠦᠩ ᠲᠠᠷᠢᠶᠠᠯᠠᠩ ᠤᠨ ᠢᠲᠡᠭᠡᠮᠵᠢ ᠲᠠᠷᠢᠶᠠᠯᠠᠩ ᠤᠨ

ᠮᠠᠰᠢᠨ ᠤ ᠦᠢᠯᠡᠴᠢᠯᠡᠭᠡᠨ ᠤ ᠦᠷᠳᠡᠭᠡ ᠳᠤ ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠡᠢ᠃

ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠡᠭᠡᠷᠡᠲᠦ ᠬᠤᠲᠠ ᠪᠠᠯᠭᠠᠰᠤᠨ ᠤ ᠭᠤᠸᠠᠩ ᠴᠠᠩ ᠯᠦᠩ

ᠲᠣᠰᠬᠤᠨ ᠤ ᠠᠷᠠᠳ ᠤᠨ ᠵᠥᠪᠯᠡᠯ ᠤᠨ ᠬᠤᠷᠠᠯ ᠤᠨ ᠬᠡᠷ ᠲᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ

ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨ ᠬᠤᠸᠠ ᠳᠠᠭᠠᠳᠬᠠᠯ ᠤᠨ ᠺᠣᠮᠫᠠᠨᠢ ᠶᠢᠨ ᠥᠩᠭᠡᠷᠡᠭᠰᠡᠨ ᠵᠢᠯ ᠤᠳ ᠲᠤ

ᠣᠷᠣᠭᠤᠯᠤᠭᠰᠠᠨ ᠬᠠᠪᠰᠤᠷᠤᠨ ᠲᠡᠳᠬᠦᠬᠦ ᠪᠠᠯᠠ ᠮᠥᠩᠭᠦ᠂ ᠲᠥᠷᠥᠯ ᠵᠦᠢᠯ ᠢ ᠬᠡᠷᠡᠭᠵᠢᠭᠦᠯᠦᠭᠰᠡᠨ ᠠᠵᠢᠯᠯᠠᠭᠠᠨ ᠤ

ᠪᠠᠶᠢᠳᠠᠯ ᠪᠠ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠭᠡᠯ ᠢ ᠨᠠᠷᠢᠨ ᠣᠶᠢᠯᠠᠭᠠᠭᠰᠠᠨ ᠪᠥᠭᠡᠳ ᠣᠯᠤᠭᠰᠠᠨ

ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠢ ᠨᠤᠲᠠᠯᠠᠭᠰᠠᠨ ᠪᠥᠭᠡᠳ ᠰᠢᠨ ᠬᠤᠸᠠ ᠳᠠᠭᠠᠳᠬᠠᠯ ᠤᠨ ᠺᠣᠮᠫᠠᠨᠢ

ᠦᠷᠭᠦᠯᠵᠢᠯᠡᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠠᠵᠢᠯ ᠤᠨ ᠦᠷᠭᠦᠯᠵᠢᠯᠡᠨ ᠬᠥᠭᠵᠢᠬᠦ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃

 

           

             ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

             ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号