ᠨᠠᠷᠠᠰᠤᠳᠠᠢ ᠤᠢ ᠰᠢᠭᠤᠢ ᠶᠢᠨ ᠲᠠᠯᠠᠪᠠᠢ ᠨᠢ ᠤᠢ ᠰᠢᠭᠤᠢ ᠶᠢᠨ ᠲᠦᠢᠮᠡᠷ ᠢ ᠰᠡᠷᠭᠡᠶᠢᠯᠡᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/3
     ᠤᠶᠢᠷ᠎ᠠ ᠶᠢᠨ ᠡᠳᠤᠷ᠂ ᠨᠠᠷᠠᠰᠤᠳᠠᠢ ᠤᠢ ᠰᠢᠭᠤᠢ ᠶᠢᠨ ᠲᠠᠯᠠᠪᠠᠢ ᠤᠢ ᠰᠢᠭᠤᠢ ᠶᠢᠨ ᠲᠦᠢᠮᠡᠷ ᠢ ᠰᠡᠷᠭᠡᠶᠢᠯᠡᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠥᠷᠨᠢᠭᠦᠯᠪᠡ᠃

   

      ᠰᠣᠷᠢᠯᠲᠠ ᠠᠴᠠ ᠡᠮᠦᠨ᠎ᠡ᠂ ᠨᠠᠷᠠᠰᠤᠳᠠᠢ ᠤᠢ ᠰᠢᠭᠤᠢ ᠶᠢᠨ ᠲᠠᠯᠠᠪᠠᠢ ᠶᠢᠨ ᠠᠵᠢᠯᠲᠠᠳ ᠲᠤᠬᠠᠢ ᠶᠢᠨ

ᠲᠠᠯᠠᠪᠠᠢ ᠳᠤ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ ᠶᠠᠪᠤᠴᠠ ᠳᠤ ᠪᠠᠶᠢᠩᠭᠤ

ᠲᠣᠬᠢᠶᠠᠯᠳᠤᠳᠠᠭ ᠠᠰᠠᠭᠤᠳᠠᠯ ᠪᠣᠯᠤᠨ ᠠᠮᠤᠷ ᠲᠦᠪᠰᠢᠨ ᠤ ᠠᠩᠬᠠᠷᠬᠤ ᠵᠦᠢᠯ ᠢ ᠨᠠᠷᠢᠨ ᠲᠠᠶᠢᠯᠪᠤᠷᠢᠯᠠᠭᠰᠠᠨ ᠪᠥᠭᠡᠳ

ᠤᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ ᠤᠨ  ᠠᠵᠢᠯᠯᠠᠬᠤ  

ᠠᠷᠭ᠎ᠠ᠂ ᠭᠠᠯ ᠤᠨᠲᠠᠷᠠᠭᠠᠬᠤ ᠡᠩᠨᠡᠭᠡ ᠶᠢᠨ ᠬᠠᠮᠵᠢᠯᠴᠠᠬᠤ ᠪᠠᠶᠢᠯᠳᠤᠬᠤ ᠠᠷᠭ᠎ᠠ ᠶᠢᠨ ᠠᠰᠠᠭᠤᠳᠠᠯ ᠢ ᠳᠡᠯᠭᠡᠨ

ᠦᠵᠡᠭᠦᠯᠵᠡᠢ᠃

     ᠣᠶ ᠰᠢᠭᠤᠶ ᠬᠠᠮᠠᠭᠠᠯᠠᠭᠴᠢ ᠠᠴᠠ ᠭᠠᠯ ᠤᠨ ᠠᠶᠤᠯ ᠤᠨ ᠰᠡᠷᠡᠮᠵᠢ ᠶᠢᠨ ᠮᠡᠳᠡᠭᠡ ᠶᠢ ᠣᠯᠤᠭᠰᠠᠨ ᠤ ᠳᠠᠷᠠᠭ᠎ᠠ

ᠭᠠᠯ ᠰᠡᠷᠭᠡᠶᠢᠯᠡᠬᠦ ᠡᠩᠨᠡᠭᠡ ᠶᠢ ᠴᠠᠭ ᠲᠤᠬᠠᠶ ᠳᠤᠨᠢ ᠴᠤᠭᠯᠠᠷᠠᠭᠤᠯᠵᠤ ᠳᠠᠷᠤᠶ ᠲᠦᠷᠭᠡᠨ ᠭᠠᠯ ᠤᠨ ᠴᠡᠭ ᠲᠤ ᠬᠦᠷᠴᠦ᠂

ᠰᠠᠯᠬᠢᠨ ᠬᠦᠴᠦᠨ ᠤ ᠭᠠᠯ ᠤᠨᠲᠠᠷᠠᠭᠠᠭᠤᠷ᠂ ᠬᠤᠶᠠᠳᠤᠭᠠᠷ ᠪᠠᠭᠠᠵᠢ᠂ ᠤᠰᠤᠨ ᠫᠤᠤ ᠶᠢ ᠬᠡᠷᠡᠭᠯᠡᠵᠦ᠂ ᠲᠦᠷᠭᠡᠨ᠂

ᠠᠮᠤᠷ ᠲᠦᠪᠰᠢᠨ᠂ ᠡᠮᠬᠢ ᠵᠢᠷᠤᠮ ᠲᠠᠢ ᠪᠠᠷ ᠰᠤᠷᠢᠯᠳᠠ ᠶᠠᠪᠤᠭᠤᠯᠵᠦ᠂ ᠭᠠᠯ ᠤᠨᠲᠠᠷᠠᠭᠠᠬᠤ ᠶᠢᠨ ᠬᠠᠮᠲᠤ ᠠᠮᠤᠷ

ᠲᠦᠪᠰᠢᠨ ᠢᠶᠠᠷ ᠵᠠᠶᠢᠯᠠᠬᠤ᠂ ᠦᠯᠡᠳᠡᠭᠰᠡᠨ ᠭᠠᠯ ᠢ ᠴᠡᠪᠡᠷᠯᠡᠬᠦ᠂ ᠲᠤᠬᠠᠶ ᠶᠢᠨ ᠲᠠᠯᠠᠪᠤᠷ ᠲᠤ ᠰᠠᠬᠢᠨ ᠬᠠᠮᠠᠭᠠᠯᠠᠬᠤ

ᠵᠡᠷᠭᠡ ᠵᠠᠯᠭᠠᠮᠵᠢ ᠠᠵᠢᠯ ᠢ ᠡᠮᠬᠢ ᠵᠢᠷᠤᠮ ᠲᠠᠢ ᠪᠠᠷ ᠰᠠᠶᠢᠲᠤᠷ ᠬᠢᠪᠡ᠃ ᠪᠦᠬᠦ ᠰᠣᠷᠢᠯᠲᠠ ᠶᠢᠨ ᠶᠠᠪᠤᠴᠠ ᠪᠠᠴᠢᠮ

ᠪᠥᠭᠡᠳ ᠡᠮᠬᠢ ᠵᠢᠷᠤᠮ ᠲᠠᠢ ᠪᠠᠶᠢᠵᠤ᠂ ᠪᠦᠬᠦ ᠬᠥᠮᠦᠰ ᠤᠨ ᠭᠠᠯ ᠲᠦᠢᠮᠡᠷ ᠢ ᠳᠠᠷᠤᠵᠤ ᠠᠶᠤᠯ ᠠᠴᠠ ᠠᠪᠤᠷᠠᠬᠤ ᠤᠷ᠎ᠠ

ᠴᠢᠳᠠᠪᠤᠷᠢ ᠶᠢ ᠳᠡᠭᠡᠭᠰᠢᠯᠡᠭᠦᠯᠵᠦ᠂ ᠭᠡᠰᠢᠭᠦᠳ ᠤᠨ ᠬᠤᠭᠤᠷᠣᠨᠳᠣᠬᠢ ᠬᠠᠮᠵᠢᠯᠴᠠᠨ ᠬᠠᠪᠰᠤᠷᠤᠯᠴᠠᠬᠤ ᠵᠣᠷᠢᠭ

ᠰᠠᠨᠠᠭ᠎ᠠ ᠶᠢ ᠨᠡᠮᠡᠭᠳᠡᠭᠦᠯᠪᠡ᠃

     ᠰᠣᠷᠢᠯᠲᠠ ᠪᠠᠷ ᠳᠡᠮᠵᠢᠨ᠂  ᠨᠠᠷᠠᠰᠤᠲᠠᠶ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ

ᠬᠠᠮᠠᠭᠠᠯᠠᠭᠴᠢᠳ ᠤᠨ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠤᠨ ᠵᠣᠬᠢᠴᠠᠭᠤᠯᠬᠤ ᠴᠢᠳᠠᠪᠤᠷᠢ᠂

ᠬᠠᠮᠵᠢᠯᠴᠠᠨ ᠪᠠᠶᠢᠯᠳᠤᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ

ᠠᠯᠬᠤᠮ ᠰᠢᠯᠭᠠᠨ ᠪᠠᠶᠢᠴᠠᠭᠠᠵᠤ᠂ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠠᠷᠠᠳ ᠣᠯᠠᠨ ᠤ

ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠰᠠᠭᠤᠷᠢ ᠲᠠᠯᠪᠢᠵᠤ ᠥᠭᠴᠡᠶ᠃

     ᠨᠠᠷᠠᠰᠤᠲᠠᠶ ᠣᠶ ᠰᠢᠭᠤᠶ ᠶᠢᠨ ᠲᠠᠯᠠᠪᠠᠶ ᠶᠢᠨ ᠳᠡᠳ᠋ ᠲᠠᠯᠠᠪᠠᠢ ᠶᠢᠨ ᠳᠠᠷᠤᠭ᠎ᠠ ᠸᠠᠩ ᠴᠧᠩ ᠵᠢᠶᠦ᠋ᠨ᠄  ︽

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠷᠠᠰᠤᠲᠠᠶ ᠣᠶ ᠰᠢᠭᠤᠶ ᠶᠢᠨ ᠲᠠᠯᠠᠪᠠᠶ ᠲᠣᠰ ᠤᠳᠠᠭᠠᠨ ᠤ ᠣᠶ

ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠰᠣᠷᠢᠯᠲᠠ ᠶᠢ ᠡᠷᠭᠢᠯᠡᠵᠦ᠂ ᠣᠶ ᠰᠢᠭᠤᠶ ᠶᠢᠨ ᠲᠠᠯᠠᠪᠠᠶ ᠶᠢᠨ ᠭᠠᠯ

ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠲᠤᠬᠠᠶ ᠶᠢᠨ ᠭᠠᠵᠠᠷ ᠤᠨ ᠠᠮᠢ

ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠶ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ

ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  ᠬᠤᠵᠢᠮ ᠣᠶ ᠰᠢᠭᠤᠶ ᠶᠢᠨ ᠲᠠᠯᠠᠪᠠᠶ ᠭᠠᠯ ᠰᠡᠷᠭᠡᠶᠢᠯᠡᠨ

ᠤᠨᠲᠠᠷᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ ᠳᠤ ᠠᠮᠤᠷ ᠲᠦᠪᠰᠢᠨ᠂ ᠡᠶ᠎ᠡ

ᠵᠣᠬᠢᠴᠠᠯ ᠲᠠᠢ ᠠᠮᠢ ᠠᠬᠤᠶ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠤᠨ᠎ᠠ︾ ᠭᠡᠪᠡ᠃

            ᠰᠣᠷᠪᠣᠯᠵᠢᠯᠬᠠᠴᠢ᠄  ᠵᠠᠩ ᠵᠢᠣᠸᠠᠨ      ᠭᠤᠤ ᠸᠧᠢ

            ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号