ᠵᠣᠬᠢᠴᠠᠭᠤᠯᠤᠨ ᠨᠡᠪᠲᠡᠷᠡᠭᠦᠯᠵᠦ ᠴᠡᠭᠴᠡᠯᠡᠨ ᠰᠠᠶᠢᠵᠢᠷᠠᠭᠤᠯᠵᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠤᠷᠳᠤ ᠬᠤᠭᠤᠴᠠᠭᠠᠨ ᠤ ᠦᠷ᠎ᠡ ᠪᠦᠲᠦᠮᠵᠢ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/3
                 ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠢᠨᠠᠨ ᠪᠤᠳᠤᠬᠤ ᠶᠠᠪᠤᠴᠠ ᠳᠤ ᠣᠯᠵᠤ ᠮᠡᠳᠡᠭᠰᠡᠨ ᠨᠢ᠂ ᠬᠡᠰᠡᠭ ᠰᠤᠷᠭᠠᠭᠤᠯᠢ ᠳᠤ ᠣᠷᠣᠯᠠᠨ ᠰᠦᠢᠳᠭᠡᠯ ᠬᠤᠷᠢᠶᠠᠬᠤ ᠲᠥᠷᠥᠯ ᠵᠦᠢᠯ ᠤᠨ ᠬᠠᠮᠢᠶᠠᠷᠤᠯᠲᠠ ᠵᠢᠷᠤᠮᠵᠢᠯ ᠥᠬᠡᠶ ᠠᠰᠠᠭᠤᠳᠠᠯ ᠣᠷᠣᠰᠢᠵᠤ᠂ ᠬᠢᠨᠠᠨ ᠪᠤᠳᠤᠬᠤ ᠠᠰᠠᠭᠤᠳᠠᠯ ᠤᠨ ᠲᠣᠭᠤᠷᠢᠨ ᠳᠤ ᠵᠣᠬᠢᠴᠠᠩᠭᠤᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠢᠴᠢ ᠬᠢᠨᠠᠨ ᠪᠤᠳᠤᠬᠤ ᠰᠠᠨᠠᠭᠤᠯᠭ᠎ᠠ ᠳᠤᠷᠠᠳᠤᠭᠰᠠᠨ ᠪᠥᠭᠡᠳ ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠮᠥᠷᠳᠡᠨ ᠰᠢᠮᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠪᠠ᠃       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠤᠷᠠᠳᠴᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠨ ᠨᠡᠶᠢᠲᠡᠯᠡᠵᠦ᠂ ᠣᠷᠣᠯᠠᠨ ᠰᠦᠢᠳᠭᠡᠯ ᠬᠤᠷᠢᠶᠠᠬᠤ ᠲᠥᠷᠥᠯ ᠵᠦᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠨᠠᠷᠢᠨ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠤᠰ ᠤᠳᠠᠭᠠᠨ ᠤ ᠬᠢᠨᠠᠨ ᠪᠣᠳᠣᠯᠲᠠ ᠳᠤ ᠰᠤᠭᠤᠴᠢᠨ ᠪᠠᠶᠢᠴᠠᠭᠠᠭᠳᠠᠭᠰᠠᠨ ᠦᠭᠡᠢ ᠰᠤᠷᠭᠠᠨ ᠬᠥᠮᠦᠵᠢᠯ ᠤᠨ ᠨᠢᠭᠡᠴᠡ ᠶᠢ ᠣᠷᠣᠯᠠᠨ ᠰᠦᠢᠳᠬᠡᠯ ᠬᠤᠷᠢᠶᠠᠬᠤ ᠲᠥᠷᠥᠯ ᠵᠦᠢᠯ ᠤᠨ ᠬᠠᠮᠢᠶᠠᠷᠤᠯᠲᠠ ᠶᠢᠨ ᠪᠠᠶᠢᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠱᠠᠭᠠᠷᠳᠠᠪᠠ᠃      ᠬᠢᠨᠠᠨ ᠪᠤᠳᠤᠬᠤ ᠪᠠᠶᠢᠭᠤᠯᠭ᠎ᠠ ᠬᠢᠭᠡᠳ ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢᠨ ᠬᠦᠴᠦ ᠪᠠᠨ ᠬᠠᠮᠲᠤᠳᠬᠠᠨ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠵᠤ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠪᠤᠳᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠢᠨᠠᠨ ᠪᠤᠳᠤᠯᠲᠠ ᠶᠢᠨ ᠪᠠᠶᠢᠩᠭᠤᠵᠢᠭᠰᠠᠨ ︽ᠠᠵᠤ ᠠᠬᠤᠶ ᠶᠢᠨ ᠪᠡᠶ᠎ᠡ ᠶᠢᠨ ᠪᠠᠶᠢᠴᠠᠭᠠᠯᠲᠠ︾ ᠶᠢᠨ ᠦᠢᠯᠡᠳᠦᠯ ᠪᠠ ᠨᠢᠭᠡᠨᠲᠡ ᠡᠪᠡᠳᠴᠢᠯᠡᠭᠰᠡᠨ ᠢ ᠵᠠᠰᠠᠬᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠪᠠ᠃                  ᠵᠣᠬᠢᠶᠠᠭᠴᠢ᠄ ᠸᠠᠩ ᠢᠦᠶ ᠲᠢᠩ                    ᠣᠷᠴᠢᠭᠤᠯᠣᠨᠨᠴᠢ᠄  ᠭᠧ ᠲᠣᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号