ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠲᠤᠬᠠᠶ ᠰᠠᠨᠠᠭᠤᠯᠭ᠎ᠠ
ᠨᠡᠶᠢᠲᠡᠯᠡᠭᠰᠡᠨ ᠴᠠᠭ᠄
2024/4/3
              2020 ᠣᠨ ᠤ 5 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠬᠤ ᠲᠣᠭᠲᠠᠭᠠᠯ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ᠂ ᠳᠣᠲᠣᠭᠠᠳᠤ ᠶᠢᠨ ᠬᠢᠨᠠᠨ ᠬᠠᠮᠢᠶᠠᠷᠤᠯᠲᠠ ᠶᠢᠨ ᠬᠠᠮᠢᠶᠠᠷᠤᠯᠲᠠ᠂ ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠵᠡᠷᠭᠡ ᠲᠠᠯ᠎ᠠ ᠪᠠᠷ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠬᠤ ᠠᠵᠢᠯ ᠳᠤ ᠱᠠᠭᠠᠷᠳᠠᠯᠭ᠎ᠠ ᠳᠤᠷᠠᠳᠪᠠ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠰᠬᠠᠶ ᠬᠢᠨᠠᠨ ᠪᠤᠳᠤᠯᠳᠠ ᠶᠢᠨ ᠳᠤᠮᠳᠠ᠂ ᠰᠤᠷᠭᠠᠨ ᠬᠥᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠰᠤᠷᠭᠠᠨ ᠬᠥᠮᠦᠵᠢᠯ ᠤᠨ ᠨᠢᠭᠡᠴᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠴᠥᠮ ᠣᠷᠣᠰᠢᠵᠤ ᠪᠠᠶᠢᠬᠤ ᠶᠢ ᠣᠯᠵᠤ ᠮᠡᠳᠡᠵᠡᠶ᠂ ᠡᠨᠡ ᠨᠢ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠯᠲᠠ ᠶᠢᠨ ᠠᠵᠢᠯ ᠢ ᠥᠷᠨᠢᠭᠦᠯᠦᠭᠰᠡᠨ ᠲᠠᠯ᠎ᠠ ᠪᠠᠷ ᠲᠡᠩᠴᠡᠭᠦᠷᠢ ᠥᠬᠡᠶ᠂ ᠪᠥᠬᠦ ᠲᠠᠯ᠎ᠠ ᠪᠠᠷ ᠵᠣᠬᠢᠬᠤ ᠬᠠᠷᠢᠴᠠᠭ᠎ᠠ ᠲᠠᠢ᠂ ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠴᠠ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠯᠲᠠ ᠶᠢᠨ ᠠᠵᠢᠯ ᠳᠤ ᠡᠳᠦᠶ ᠲᠡᠳᠦᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠨᠢᠭᠡ ᠳᠤ᠂ ᠲᠣᠳᠣᠭᠠᠳᠣ ᠶᠢᠨ ᠰᠢᠭᠦᠯᠲᠡ ᠶᠢᠨ ᠪᠠᠶᠢᠭᠤᠯᠣᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠴᠢᠬᠤᠯᠠᠴᠢᠯᠠᠬᠤ ᠬᠡᠷᠡᠭᠲᠡᠶ᠃ ︽ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠬᠤ ᠲᠣᠭᠲᠠᠭᠠᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠣᠲᠣᠭᠠᠳᠤ ᠶᠢᠨ ᠬᠢᠨᠠᠨ ᠪᠣᠳᠣᠬᠤ ᠪᠡᠶ᠎ᠡ ᠪᠠᠨ ᠳᠠᠭᠠᠭᠠᠭᠰᠠᠨ ᠰᠠᠯᠠᠭ᠎ᠠ ᠮᠥᠴᠢᠷ ᠢ ᠲᠣᠬᠢᠷᠠᠭᠤᠯᠵᠤ᠂ ᠬᠢᠨᠠᠨ ᠪᠣᠳᠣᠬᠤ ᠳᠡᠰ ᠳᠠᠷᠠᠭᠠᠯᠠᠯ ᠢ ᠵᠢᠷᠤᠮᠵᠢᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠰᠤᠷᠭᠠᠭᠤᠯᠢ ᠶᠢᠨ ᠳᠦᠷᠢᠮ ᠨᠢ ᠲᠣᠬᠢᠷᠠᠬᠤ ᠠᠴᠠ ᠪᠣᠯᠵᠤ᠂ ᠠᠳᠠᠯᠢ ᠪᠤᠰᠤ ᠰᠤᠷᠭᠠᠨ ᠬᠥᠮᠦᠵᠢᠯ ᠤᠨ ᠨᠢᠭᠡᠴᠡ ᠳᠤ ᠴᠢᠭᠯᠡᠭᠦᠯᠦᠨ ᠲᠡᠭᠦᠨ ᠯᠦᠭᠡ ᠲᠣᠬᠢᠷᠠᠯᠴᠠᠭᠰᠠᠨ ᠬᠢᠨᠠᠨ ᠪᠣᠳᠣᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠡᠯ᠎ᠡ ᠰᠤᠷᠭᠠᠨ ᠬᠥᠮᠦᠵᠢᠯ ᠤᠨ ᠨᠢᠭᠡᠴᠡ ᠳᠤ ᠲᠥᠯᠥᠪᠯᠡᠭᠡ ᠲᠠᠢ ᠪᠠᠷ ᠳᠣᠲᠣᠭᠠᠳᠤ ᠶᠢᠨ ᠬᠢᠨᠠᠨ ᠪᠣᠳᠣᠯᠲᠠ ᠬᠢᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠳᠣᠲᠣᠭᠠᠳᠤ ᠶᠢᠨ ᠬᠢᠨᠠᠨ ᠪᠣᠳᠣᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠭᠠᠨ ᠬᠥᠮᠦᠵᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠬᠤᠶᠠᠷ ᠲᠤ᠂ ᠳᠣᠲᠤᠭᠠᠲᠤ ᠰᠢᠭᠦᠯᠲᠡ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠨ᠋ᠬᠠᠳᠭᠠᠬᠤ ᠬᠡᠷᠡᠭᠲᠡᠢ᠃ ᠳᠣᠲᠣᠭᠠᠳᠤ ᠶᠢᠨ ᠰᠢᠭᠦᠬᠦ ᠠᠵᠢᠯ ᠢ ᠪᠦᠲᠦᠮᠵᠢᠲᠡᠢ ᠥᠷᠨᠢᠭᠦᠯᠬᠦ ᠨᠢ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠡᠪ ᠪᠣᠯᠪᠠᠰᠤᠷᠠᠯ ᠰᠢᠯᠢᠳᠡᠭ ᠰᠠᠶᠢᠨ ᠳᠣᠲᠣᠭᠠᠳᠤ ᠶᠢᠨ ᠬᠢᠨᠠᠨ ᠪᠤᠳᠤᠬᠤ ᠡᠩᠨᠡᠭᠡ ᠠᠴᠠ ᠰᠠᠯᠵᠤ ᠴᠢᠳᠠᠬᠤ ᠦᠭᠡᠢ ᠶᠤᠮ᠃ ᠡᠩ ᠲᠡᠷᠢᠭᠦᠨ ᠳᠤ᠂ ᠳᠣᠲᠣᠭᠠᠳᠤ ᠬᠢᠨᠠᠯᠲᠠ ᠶᠢᠨ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯ ᠤᠨ ᠠᠵᠢᠯᠲᠠᠨ ᠢ ᠲᠠᠰᠤᠷᠠᠯᠲᠠ ᠥᠬᠡᠶ ᠰᠢᠯᠢᠨ ᠰᠣᠩᠭᠤᠵᠤ᠂ ᠲᠡᠭᠦᠯᠳᠡᠷᠵᠢᠭᠦᠯᠵᠦ᠂ ᠨᠢᠭᠡᠴᠡ ᠠᠴᠠ ᠲᠠᠨᠢᠯᠴᠠᠭᠤᠯᠬᠤ᠂ ᠬᠢᠨᠠᠨ ᠰᠢᠯᠭᠠᠵᠤ ᠰᠢᠯᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠩ ᠮᠣᠷᠠᠯ ᠢᠶᠠᠷ ᠰᠢᠯᠢᠳᠡᠭ ᠰᠠᠶᠢᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠵᠢᠯᠲᠠᠨ ᠢ ᠳᠣᠭᠢᠷᠠᠭᠤᠯᠵᠤ᠂ ᠬᠢᠨᠠᠨ ᠪᠤᠳᠤᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠶ︔ ᠳᠠᠷᠠᠭᠠᠯᠠᠪᠠᠯ᠂ ᠳᠣᠲᠣᠭᠠᠳᠤ ᠶᠢᠨ ᠬᠢᠨᠠᠨ ᠪᠤᠳᠤᠬᠤ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠦᠨ᠂ ︽ᠬᠠᠤᠯᠢ ᠶᠣᠰᠣᠭᠠᠷ᠂ ᠪᠣᠳᠠᠲᠠᠶ ᠶᠢ ᠡᠷᠬᠢᠮᠯᠡᠬᠦ᠂ ᠴᠢᠩᠭ᠎ᠠ᠂ ᠡᠷᠡᠯᠬᠡᠭᠯᠡᠨ ᠤᠷᠤᠭᠰᠢᠯᠠᠬᠤ᠂ ᠬᠤᠪᠢ ᠨᠡᠮᠡᠷᠢ ᠦᠵᠡᠭᠦᠯᠬᠦ︾ ᠬᠢᠨᠠᠨ ᠪᠤᠳᠤᠬᠤ ᠵᠣᠷᠢᠭ ᠰᠠᠨᠠᠭ᠎ᠠ ᠪᠠᠷ ᠪᠡᠶ᠎ᠡ ᠪᠠᠨ ᠳᠠᠭᠠᠭᠠᠵᠤ᠂ ᠳᠣᠲᠣᠭᠠᠳᠤ ᠶᠢᠨ ᠬᠢᠨᠠᠨ ᠪᠤᠳᠤᠬᠤ ᠡᠩᠨᠡᠭᠡᠨ ᠤ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠢᠳᠡᠪᠬᠢᠲᠡᠶ ᠣᠷᠣᠯᠴᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠳ ᠤᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠮᠡᠷᠭᠡᠵᠢᠯ ᠲᠠᠢ᠂ ᠲᠤᠰᠬᠠᠶᠢᠵᠢᠭᠰᠠᠨ ᠴᠢᠭᠯᠡᠯ ᠢᠶᠠᠷ ᠬᠥᠭᠵᠢᠬᠦ ᠬᠡᠷᠡᠭᠲᠡᠶ᠃       ᠤᠯᠤᠰ ᠤᠨ ᠬᠢᠨᠠᠨ ᠪᠤᠳᠤᠬᠤ ᠪᠠ ᠳᠣᠲᠣᠭᠠᠳᠤ ᠶᠢᠨ ᠬᠢᠨᠠᠨ ᠪᠤᠳᠤᠯᠲᠠ ᠨᠢ ᠴᠥᠮ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠲᠣᠰ ᠲᠣᠰ ᠤᠨ ᠭᠤᠣᠯᠳᠠᠯᠭ᠎ᠠ ᠲᠠᠢ᠂ ᠪᠠᠰᠠ ᠬᠠᠷᠢᠯᠴᠠᠨ ᠨᠥᠬᠦᠪᠥᠷᠢᠯᠡᠵᠦ ᠵᠣᠬᠢᠴᠠᠭᠤᠯᠬᠤ᠂ ︽ᠳᠣᠲᠣᠭᠠᠳᠤ ᠭᠠᠳᠠᠭᠠᠳᠤ ᠶᠢ ᠤᠶᠠᠯᠳᠤᠭᠤᠯᠬᠤ︾ ᠬᠢᠨᠠᠨ ᠪᠤᠳᠤᠬᠤ ᠵᠠᠭᠪᠤᠷ ᠨᠢ ᠬᠠᠮᠢᠶᠠᠷᠤᠯᠲᠠ ᠶᠢ ᠵᠢᠷᠤᠮᠵᠢᠭᠤᠯᠬᠤ᠂ ᠠᠵᠤ ᠠᠬᠤᠶ ᠶᠢᠨ ᠲᠦᠭᠰᠢᠭᠦᠷᠢ ᠶᠢ ᠪᠠᠭᠤᠷᠠᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠪᠠᠰᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠃                       ᠵᠣᠬᠢᠶᠠᠭᠴᠢ᠄ ᠸᠠᠩ ᠢᠦᠶ ᠲᠢᠩ         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号