ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/3
                 3 ᠰᠠᠷ᠎ᠠ ᠶᠢᠨ 22 ᠤᠨ ᠡᠳᠦᠷ ᠠᠴᠠ 3 ᠰᠠᠷ᠎ᠠ ᠶᠢᠨ 29 ᠤ ᠡᠳᠦᠷ ᠪᠣᠯᠲᠠᠯ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠪᠡ᠃       ᠪᠣᠯᠪᠠᠰᠤᠷᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠪᠠ ᠣᠷᠣᠨ ᠨᠤᠲᠤᠭ ᠤᠨ ᠲᠤᠰᠬᠠᠶ ᠮᠡᠷᠭᠡᠵᠢᠯᠲᠡᠨ ᠢ ᠤᠷᠢᠵᠤ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠴᠢᠬᠤᠯᠠ ᠴᠢᠨᠠᠷ ᠪᠠ ᠬᠠᠮᠢᠶ᠎ᠠ ᠪᠥᠬᠦᠶ ᠮᠡᠷᠭᠡᠵᠢᠯ ᠤᠨ ᠭᠤᠤᠯᠳᠠᠯᠭ᠎ᠠ ᠶᠢ ᠲᠠᠶᠢᠯᠪᠤᠷᠢᠯᠠᠵᠤ᠂ ᠠᠭᠤᠯᠭ᠎ᠠ ᠳᠤ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ᠂ ᠤᠰᠤ ᠠᠷᠪᠢᠯᠠᠵᠤ ᠤᠰᠤᠯᠠᠬᠤ᠂ ᠠᠯᠠᠰᠢᠨ ᠬᠤᠨᠢ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ᠂ ᠬᠥᠷᠥᠰᠥ ᠰᠢᠷᠣᠶ ᠶᠢ ᠬᠡᠮᠵᠢᠨ ᠪᠣᠷᠳᠣᠭᠤᠷ ᠣᠷᠣᠭᠤᠯᠬᠤ ᠮᠡᠷᠭᠡᠵᠢᠯ᠂ 0.012mm ᠵᠤᠵᠠᠭᠠᠨ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠳᠤ ᠠᠩᠬᠠᠷᠬᠤ ᠵᠦᠢᠯᠡᠰ ᠵᠢᠴᠢ ᠲᠠᠷᠢᠶᠠᠯᠠᠩ ᠮᠠᠯ ᠠᠵᠤ ᠠᠬᠤᠶ ᠶᠢᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠠᠭᠤᠯᠭ᠎ᠠ ᠶᠢ ᠬᠠᠮᠤᠷᠴᠠᠶ᠃       ᠣᠯᠠᠨ ᠢᠶᠠᠷ ᠢᠶᠠᠨ᠂ ᠡᠨᠡ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠬᠤ ᠪᠠᠷ ᠳᠠᠮᠵᠢᠨ᠂ ᠨᠠᠩ ᠣᠯᠠᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠰᠤᠷᠴᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ ᠭᠡᠵᠦ ᠢᠯᠡᠳᠭᠡᠵᠡᠭᠡᠪᠡ᠃       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ 281 ᠮᠠᠯᠴᠢᠨ ᠲᠠᠷᠢᠶᠠᠴᠢᠨ ᠪᠣᠯᠪᠠᠰᠤᠷᠠᠯ ᠳᠤ ᠣᠷᠣᠯᠴᠠᠪᠠ᠃          ᠰᠤᠷᠪᠤᠯᠵᠢᠯᠠᠭᠴᠢ᠄ ᠱᠠᠨ ᠮᠢᠶᠣᠣ          ᠣᠷᠴᠢᠭᠤᠯᠣᠨᠨᠴᠢ᠄  ᠭᠧ ᠲᠣᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号