ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠭᠢᠯᠡᠭᠦᠶ᠎ᠡ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠰᠠᠶᠢᠲᠠᠶ ᠪᠤᠯᠪᠠ
ᠨᠡᠶᠢᠲᠡᠯᠡᠭᠰᠡᠨ ᠴᠠᠭ᠄
2024/4/3
     ᠣᠶᠢᠷ᠎ᠠ ᠶᠢᠨ ᠡᠳᠦᠷ ᠤᠳ ᠲᠤ᠂ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠮᠠᠨ ᠤ ᠬᠤᠰᠢᠭᠤᠨ ᠤ ᠥᠷᠭᠡᠨ ᠣᠯᠠᠨ ᠲᠠᠷᠢᠶᠠᠴᠢᠨ ᠡᠷᠦᠬᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠲᠦᠷᠭᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠱᠠᠯᠠᠪᠳᠠᠨ ᠰᠣᠩᠭᠤᠨ ᠠᠪᠴᠤ᠂ ᠰᠢᠨ᠎ᠡ ᠨᠢᠭᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠭᠦᠢᠴᠡᠳ ᠪᠡᠯᠡᠳᠬᠡᠯ ᠭᠢᠨ᠎ᠡ᠃      ᠬᠤᠰᠢᠭᠤᠨ ᠤ ᠡᠯ᠎ᠡ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠲᠤ᠂ ᠲᠠᠷᠢᠶᠠᠯᠠᠩ ᠤᠨ ᠮᠠᠰᠢᠨ ᠪᠠᠭᠠᠵᠢ ᠰᠣᠩᠭᠤᠨ ᠠᠪᠬᠤ ᠲᠠᠷᠢᠶᠠᠴᠢᠤᠨ ᠬᠤᠶᠢᠨ᠎ᠠ ᠬᠤᠶᠢᠨ᠎ᠠ ᠠᠴᠠ ᠪᠠᠨ  ᠴᠤᠪᠤᠷᠠᠯᠳᠤᠵᠦ  ᠂ ᠡᠯ᠎ᠡ ᠵᠦᠢᠯ ᠤᠨ ᠬᠡᠯᠪᠡᠷᠢ ᠮᠠᠶ᠋ᠢᠭ ᠪᠦᠬᠦᠢ ᠲᠷᠠᠺᠲ᠋ᠣᠷ᠂ ᠲᠠᠷᠢᠬᠤ ᠮᠠᠰᠢᠨ᠂ ᠡᠷᠭᠢᠯᠳᠦᠨ ᠬᠠᠭᠠᠯᠪᠤᠷᠢᠯᠠᠬᠤ ᠮᠠᠰᠢᠨ᠂ ᠬᠠᠳᠤᠵᠤ ᠬᠤᠷᠢᠶᠠᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠪᠠᠭᠠᠵᠢ ᠪᠦᠷᠢᠨ ᠭᠦᠢᠴᠡᠳ  ᠪᠠᠶᠢᠵᠦ᠂ ᠮᠠᠰᠢ ᠣᠯᠠᠨ ᠲᠠᠷᠢᠶᠠᠴᠢᠨ ᠡᠷᠦᠬᠡ ᠶᠢᠨ ᠠᠩᠬᠠᠷᠤᠯ ᠢ ᠲᠠᠲᠠᠭᠰᠠᠨ ᠪᠠᠶᠢᠨ᠎ᠠ᠃ ᠪᠣᠷᠣᠯᠠᠭᠤᠯᠤᠭᠴᠢ ᠠᠰᠠᠭᠤᠨ ᠯᠠᠪᠯᠠᠬᠤ ᠪᠠᠷ ᠢᠷᠡᠭᠰᠡᠨ ᠲᠠᠷᠢᠶᠠᠴᠢᠨ ᠡᠷᠦᠬᠡ ᠳᠤ ᠬᠡᠷᠡᠭᠰᠡᠬᠦ ᠲᠠᠷᠢᠶᠠᠯᠠᠩ ᠤᠨ ᠮᠠᠰᠢᠨ ᠤ ᠦᠢᠯᠡᠳᠬᠦᠨ ᠤ ᠠᠵᠢᠯᠯᠠᠬᠤ ᠠᠷᠭ᠎ᠠ᠂ ᠲᠣᠰᠣᠨ ᠤ ᠬᠤᠷᠣᠭᠳᠠᠯ᠂ ᠠᠮᠤᠷ ᠲᠦᠪᠰᠢᠨ ᠤ ᠴᠢᠳᠠᠪᠤᠷᠢ᠂ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ᠂ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠡᠷᠭᠡ ᠶᠢ ᠲᠠᠨᠢᠯᠴᠠᠭᠤᠯᠵᠤ᠂ ᠲᠠᠷᠢᠶᠠᠴᠢᠨ ᠡᠷᠦᠬᠡ ᠶᠢ ᠰᠠᠨᠠᠭ᠎ᠠ ᠠᠮᠤᠷ ᠰᠣᠩᠭᠤᠨ ᠬᠤᠳᠠᠯᠳᠤᠨ ᠠᠪᠤᠭᠠᠷᠠᠢ ᠭᠡᠵᠦ ᠪᠠᠶᠢᠯ᠎ᠠ᠃

     ᠬᠤᠩ ᠫᠠᠨ ᠰᠢᠶᠠᠩ ᠤᠨ ᠳ᠋ᠠ ᠮᠢᠶᠣᠣ ᠽᠢ ᠢ ᠾᠧᠩ ᠰᠢᠩ ᠲᠣᠰᠬᠤᠨ ᠤ ᠮᠠ ᠸᠧᠨ ᠵᠦᠩ᠄ ︽ᠪᠢ

ᠬᠤᠩ ᠫᠠᠨ ᠰᠢᠶᠠᠩ ᠤᠨ ᠰᠠᠨ ᠳ᠋ᠤᠤ ᠭᠧᠦ ᠳᠤ 600 ᠭᠠᠷᠤᠢ ᠮᠦ ᠲᠠᠷᠢᠶ᠎ᠠ ᠲᠠᠷᠢᠨ᠎ᠠ᠂ ᠬᠠᠪᠤᠷ ᠤᠨ ᠲᠠᠷᠢᠶᠠᠯᠠᠭ᠎ᠠ

ᠡᠬᠢᠯᠡᠪᠡ᠂  ᠪᠢ ᠡᠨᠡ ᠲᠷᠠᠺᠲ᠋ᠣᠷ ᠢ ᠦᠵᠡᠵᠦ ᠲᠣᠭᠤᠵᠠᠢ᠃ ᠤᠳᠤ ᠵᠠᠰᠠᠭ ᠤᠨ ᠣᠷᠳᠣᠨ ᠤ ᠨᠥᠬᠦᠪᠥᠷᠢ ᠴᠤ

ᠲᠦᠷᠭᠡᠨ ᠪᠤᠯᠵᠠᠢ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠴᠤ ᠰᠠᠶᠢᠨ ᠪᠠᠶᠢᠵᠤ᠂ ᠲᠠᠷᠢᠶ᠎ᠠ ᠲᠠᠷᠢᠬᠤ ᠳᠤ ᠢᠲᠡᠭᠡᠯ

ᠲᠡᠭᠦᠯᠳᠡᠷ ᠪᠠᠶᠢᠨ᠎ᠠ᠂ ᠡᠨᠡ ᠵᠢᠯ ᠰᠠᠶᠢᠨ ᠬᠤᠷᠢᠶᠠᠯᠲᠠ ᠤᠯᠬᠤ ᠶᠢ ᠬᠦᠰᠡᠵᠦ ᠪᠠᠶᠢᠨ᠎ᠠ  ︾ ᠭᠡᠯ᠎ᠠ᠃

     ᠲᠠᠷᠢᠶᠠᠯᠠᠩ ᠤᠨ ᠮᠠᠰᠢᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠨᠡᠮᠡᠭᠳᠡᠬᠦ ᠶᠢ ᠳᠠᠭᠠᠯᠳᠤᠨ᠂ ᠲᠠᠷᠢᠶᠠᠴᠢᠨ

ᠡᠷᠦᠬᠡ ᠲᠡᠷᠢᠭᠦᠨ ᠤ᠂ ᠥᠨᠳᠥᠷ ᠪᠦᠲᠦᠮᠵᠢᠲᠡᠶ᠂ ᠲᠣᠬᠢᠷᠠᠮᠵᠢᠲᠠᠶ ᠲᠠᠷᠢᠶᠠᠯᠠᠩ ᠤᠨ ᠮᠠᠰᠢᠨ ᠬᠤᠳᠠᠯᠳᠤᠨ ᠠᠪᠬᠤ

ᠢᠳᠡᠪᠬᠢᠵᠢᠯ ᠴᠦ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ

ᠮᠠᠰᠢᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠵᠢᠯᠲᠠᠳ ᠢ ᠵᠣᠬᠢᠶᠠᠨ

ᠪᠠᠶᠢᠭᠤᠯᠤᠨ ᠡᠯ᠎ᠡ ᠲᠠᠷᠢᠶᠠᠯᠠᠩ ᠤᠨ ᠮᠠᠰᠢᠨ ᠪᠠᠭᠠᠵᠢ ᠪᠣᠷᠣᠯᠠᠭᠤᠯᠬᠤ ᠵᠠᠬ᠎ᠠ ᠳᠡᠯᠭᠡᠭᠦᠷ᠂ ᠬᠤᠷᠰᠢᠶ᠎ᠠ ᠵᠡᠷᠭᠡ ᠳᠤ

ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠬᠥᠲᠥᠯᠥᠨ

ᠵᠢᠯᠣᠭᠤᠳᠴᠤ ᠪᠠᠶᠢᠭᠠᠳ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠦᠨᠳᠦᠰᠦᠯᠡᠨ ᠬᠠᠪᠤᠷ ᠤᠨ ᠲᠠᠷᠢᠶᠠᠯᠠᠭ᠎ᠠ ᠶᠢᠨ

ᠲᠠᠷᠢᠶᠠᠯᠠᠩ ᠤᠨ ᠮᠠᠰᠢᠨ ᠤ ᠨᠥᠭᠡᠴᠡ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠲᠠᠷᠢᠶᠠᠯᠠᠩ ᠤᠨ ᠮᠠᠰᠢᠨ ᠤ

ᠦᠢᠯᠡᠳᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ

ᠬᠠᠮᠲᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ

ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠪᠠᠶᠢᠴᠠᠭᠠᠬᠤ᠂ ᠲᠠᠷᠢᠶᠠᠯᠠᠩ ᠤᠨ ᠮᠠᠰᠢᠨ ᠤ

ᠮᠡᠷᠭᠡᠵᠢᠯ ᠢ ᠬᠥᠳᠡᠭᠡ ᠪᠠᠭᠤᠯᠭᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠳᠣᠬᠠᠨ ᠳᠤ᠂ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠥᠷᠥᠯ ᠤᠨ ᠲᠠᠷᠢᠶᠠᠯᠠᠩ ᠤᠨ  ᠮᠠᠰᠢᠨ ᠤ  ᠲᠥᠬᠦᠭᠡᠷᠦᠮᠵᠢ  

ᠪᠦᠷᠢᠨ᠂ ᠪᠠᠷᠠᠭᠠᠨ ᠤ ᠢᠷᠡᠯᠲᠡ ᠭᠦᠢᠴᠡᠳ ᠪᠠᠶᠢᠵᠤ᠂ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠬᠠᠮᠤᠭ ᠤᠨ ᠶᠡᠭᠡ

ᠬᠡᠮᠵᠢᠶ᠎ᠡ ᠪᠠᠷ ᠬᠠᠩᠭᠠᠵᠤ ᠲᠠᠶᠢᠯᠤᠨ᠎ᠡ᠃

      ᠬᠤᠰᠢᠭᠤᠨ ᠤ ᠸᠧ ᠳ᠋ᠧ ᠲᠠᠷᠢᠶᠠᠯᠠᠩ ᠤᠨ ᠮᠠᠰᠢᠨ ᠤ ᠺᠣᠮᠫᠠᠨᠢ ᠶᠢᠨ ᠭᠦᠸᠧ ᠷᠦᠢ ᠶᠦᠨ᠄ ︽ᠣᠳᠣ ᠪᠣᠯ

ᠬᠠᠪᠤᠷ ᠤᠨ ᠲᠠᠷᠢᠶᠠᠯᠠᠭ᠎ᠠ ᠶᠢᠨ ᠰᠠᠶᠢᠨ ᠴᠠᠭ ᠦᠶ᠎ᠡ ᠮᠥᠨ᠂ ᠮᠠᠨ ᠤ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ

ᠪᠠᠰᠠ ᠪᠣᠯᠴᠢᠬᠠᠨ᠎ᠠ᠂ ᠡᠨᠡ ᠬᠡᠳᠦᠨ ᠡᠳᠦᠷ ᠪᠠᠰᠠ ᠬᠥᠳᠡᠭᠡ ᠵᠦᠭ ᠬᠡᠳᠦ ᠤᠳᠠᠭ᠎ᠠ ᠬᠦᠷᠭᠡᠪᠡ᠂ ᠪᠢᠳᠡ ᠪᠠᠷᠠᠭ᠎ᠠ ᠪᠠᠨ

ᠴᠠᠭ ᠲᠤᠬᠠᠶ ᠳᠤᠨᠢ ᠨᠥᠬᠦᠪᠥᠷᠢᠯᠡᠵᠦ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠪᠠᠷᠠᠭ᠎ᠠ ᠶᠢᠨ ᠢᠷᠡᠯᠲᠡ

ᠭᠦᠢᠴᠡᠳ ᠪᠠᠶᠢᠬᠤ ᠶᠢ ᠪᠠᠲᠤᠯᠠᠵᠦ ᠪᠠᠶᠢᠨ᠎ᠠ︾ ᠭᠡᠯ᠎ᠠ᠃

      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠲᠠᠷᠢᠶᠠᠯᠠᠩ ᠤᠨ ᠮᠠᠰᠢᠨ ᠤ ᠰᠢᠨ᠎ᠡ ᠮᠡᠷᠭᠡᠵᠢᠯ ᠢ

ᠢᠳᠡᠪᠬᠢᠲᠡᠶ ᠳᠡᠯᠭᠡᠷᠡᠭᠦᠯᠵᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠠᠯᠬᠤᠴᠠ ᠶᠢ ᠲᠦᠷᠭᠡᠳᠬᠡᠨ᠂ ᠲᠠᠷᠢᠶᠠᠯᠠᠩ ᠤᠨ

ᠮᠠᠰᠢᠨ ᠤ ᠨᠥᠬᠦᠪᠥᠷᠢ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠢ

ᠬᠥᠲᠥᠯᠦᠨ ᠵᠢᠯᠣᠭᠤᠳᠴᠤ ᠪᠠᠶᠢᠭᠠᠳ ᠲᠡᠷᠢᠭᠦᠨ ᠤ ᠬᠡᠷᠡᠭᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠥᠨᠳᠥᠷ

ᠪᠦᠲᠦᠮᠵᠢᠲᠡᠶ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠤᠭᠤᠯᠵᠤ᠂ ᠲᠠᠷᠢᠶᠠᠯᠠᠩ ᠤᠨ

ᠮᠠᠰᠢᠨ ᠪᠠᠭᠠᠵᠢ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ

ᠣᠷᠣᠭᠤᠯᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃

   

            ᠰᠣᠷᠪᠣᠯᠵᠢᠯᠬᠠᠴᠢ᠄  ᠵᠠᠩ ᠵᠢᠣᠸᠠᠨ   ᠭᠤᠤ ᠸᠧᠢ    ᠭᠤᠤ ᠵᠢᠶᠠ ᠴᠢ

            ᠣᠷᠴᠢᠭᠤᠯᠣᠨᠨᠴᠢ᠄  ᠭᠧ ᠲᠣᠸᠠᠨ ᠯᠢᠶᠡᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号