ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
         3 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠯᠢ ᠮᠧᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠬᠤᠰᠢᠭᠤ ᠳᠠᠷᠤᠭ᠎ᠠ ᠯᠢᠦ ᠴᠢ ᠬᠤᠷᠠᠯ ᠢ ᠡᠷᠭᠢᠯᠡᠪᠡ᠃

     ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ

ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠣᠯᠤᠨ ᠬᠤᠰᠢᠭᠤᠨ ᠤ ᠬᠤᠶᠠᠷ ᠬᠤᠷᠠᠯ ᠤᠨ ︽ᠵᠠᠰᠠᠭ ᠤᠨ

ᠣᠷᠳᠣᠨ ᠤ ᠠᠵᠢᠯ ᠤᠨ ᠢᠯᠡᠳᠬᠡᠯ︾ ᠨᠢ ᠡᠨᠡ ᠵᠢᠯ ᠤᠨ ᠭᠤᠤᠯᠳᠠᠯᠭ᠎ᠠ ᠲᠠᠢ ᠠᠵᠢᠯ ᠳᠤ ᠰᠢᠰᠲ᠋ᠧᠮ ᠲᠠᠢ

ᠲᠥᠯᠥᠪᠵᠢᠭᠦᠯᠪᠡ ᠪᠠ ᠨᠠᠷᠢᠨ ᠨᠢᠮᠪᠠᠶ ᠪᠠᠶᠢᠷᠢᠯᠠᠭᠤᠯᠤᠯᠲᠠ ᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ

ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠬᠤᠰᠢᠭᠤᠨ ᠤ ᠱᠠᠲᠤᠨ ᠤ ᠤᠳᠤᠷᠢᠳᠤᠯᠭ᠎ᠠ ᠶᠢᠨ ᠴᠢᠬᠤᠯᠠ ᠶᠡᠭᠡ

ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ

ᠨᠠᠶᠢᠳᠠᠪᠤᠷᠢᠵᠢᠭᠤᠯᠵᠤ᠂ ᠲᠤᠰᠬᠠᠶ ᠠᠩᠭᠢ ᠪᠠᠷ ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂

ᠲᠤᠬᠠᠶ ᠶᠢᠨ ᠲᠠᠯᠠᠪᠤᠷ ᠲᠤ ᠠᠵᠢᠯᠯᠠᠬᠤ ᠵᠡᠷᠭᠡ ᠠᠵᠢᠯ ᠤᠨ ᠲᠣᠭᠲᠠᠴᠠ ᠶᠢ ᠴᠢᠩᠭᠠᠳᠬᠠᠵᠤ᠂ ᠲᠥᠷᠥᠯ ᠵᠦᠢᠯ ᠤᠨ

ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠨᠠᠩ ᠶᠡᠭᠡ ᠡᠷᠴᠢᠮ ᠢᠶᠠᠷ ᠬᠤᠳᠠᠯᠳᠤᠭᠠᠴᠢᠨ ᠤᠷᠢᠵᠤ ᠪᠠᠯᠠ

ᠣᠷᠣᠭᠤᠯᠬᠤ ᠶᠢ ᠪᠣᠳᠠᠲᠠᠶ ᠠᠳᠬᠤᠬᠤ ᠬᠡᠷᠡᠭᠲᠡᠶ︔ ᠲᠠᠷᠢᠶᠠᠯᠠᠬᠤ ᠴᠠᠭ ᠲᠠᠷᠢᠶᠠᠯᠠᠩ ᠤᠨ ᠶᠠᠪᠤᠳᠠᠯ ᠳᠤ ᠬᠥᠮᠦᠨ ᠤ

ᠲᠤᠯᠭᠠᠮ᠎ᠠ ᠰᠡᠳᠬᠢᠯᠭᠡ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠰᠢᠨᠲᠠᠷᠠᠰᠢ

ᠥᠬᠡᠶ ᠬᠠᠳᠠᠨ ᠵᠣᠷᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ

ᠬᠡᠷᠡᠭᠵᠢᠭᠦᠯᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠶ ᠭᠡᠵᠡᠢ᠃

     ᠬᠤᠷᠠᠯ ᠠᠴᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠨᠢ ᠠᠷᠠᠳ ᠤᠨ ᠰᠡᠳᠬᠢᠯ ᠤᠨ

ᠬᠠᠨᠳᠤᠰᠢ ᠳᠤ ᠬᠤᠯᠪᠣᠭᠳᠠᠵᠤ᠂ ᠠᠵᠢᠯ ᠦᠢᠯᠡᠰ ᠤᠨ ᠢᠯᠠᠵᠤ ᠢᠯᠠᠭᠳᠠᠬᠤ ᠲᠠᠢ ᠬᠤᠯᠪᠣᠭᠳᠠᠨ᠎ᠠ᠃ ᠬᠤᠰᠢᠭᠤᠨ ᠤ

ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ

ᠲᠣᠭᠲᠠᠭᠠᠯ ᠢ ᠴᠢᠩᠭ᠎ᠠ ᠵᠢᠷᠤᠮᠯᠠᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂

ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ

ᠲᠠᠰᠤᠷᠠᠯᠲᠠ ᠦᠭᠡᠢ ᠴᠢᠩᠭᠠᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ

ᠱᠤᠭᠤᠮ ᠢ ᠰᠠᠬᠢᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠣᠷᠴᠢᠨ ᠲᠣᠭᠤᠷᠢᠨ ᠢ

ᠪᠤᠢ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠤ

ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ  ᠬᠡᠷᠡᠭᠲᠡᠢ  

ᠭᠡᠪᠡ᠃

     ᠬᠤᠰᠢᠭᠤᠨ ᠤ ᠤᠳᠤᠷᠢᠳᠤᠯᠭ᠎ᠠ ᠱᠢ ᠢ ᠫᠧᠩ᠂ ᠯᠢ ᠪᠢᠨ᠂ ᠾᠧ ᠲᠥᠩ᠂ ᠸᠠᠩ ᠬᠠᠶ ᠶᠠᠨ᠂ ᠸᠠᠩ ᠬᠠᠶ

ᠵᠧᠨ᠂ ᠫᠠᠨ ᠸᠧᠶ᠂ ᠬᠤᠸᠠᠩ ᠰᠢᠶᠤᠤ ᠬᠤ᠋᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠶᠢᠨ

ᠭᠤᠤᠯ ᠬᠠᠷᠢᠭᠤᠴᠠᠯᠭᠠᠲᠠᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂

ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠡᠰᠡᠭ ᠬᠠᠮᠢᠶᠠᠷᠤᠯᠲᠠ ᠶᠢᠨ ᠨᠢᠭᠡᠴᠡ ᠶᠢᠨ ᠬᠠᠮᠢᠶ᠎ᠠ ᠪᠥᠬᠦᠶ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

     

        ᠰᠤᠷᠪᠤᠯᠵᠢᠯᠠᠭᠴᠢ᠄ ᠵᠠᠩ ᠵᠢᠤᠸᠠᠨ     ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号