ᠶᠠᠩ ᠯᠢ ᠮᠧᠢ ᠤᠢ ᠰᠢᠭᠤᠢ ᠶᠢᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠭᠤᠷᠬᠠᠢ ᠶᠢᠨ ᠦᠢᠯᠡᠰ ᠤᠨ ᠠᠶᠤᠯᠭᠦᠢ ᠦᠢᠯᠡᠳᠪᠦᠷᠢᠯᠡᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/3
         4 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠯᠢ ᠮᠧᠶ ᠠᠩᠭᠢ ᠳᠠᠭᠠᠭᠤᠯᠤᠨ ᠣᠶ ᠰᠢᠭᠤᠶ ᠶᠢᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ᠂ ᠠᠭᠤᠷᠬᠠᠶ ᠶᠢᠨ ᠦᠢᠯᠡᠰ ᠤᠨ ᠠᠶᠤᠯᠭᠦᠶ ᠦᠢᠯᠡᠳᠪᠦᠷᠢᠯᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠬᠤᠰᠢᠭᠤ  ᠳᠠᠷᠤᠭ᠎ᠠ ᠯᠢᠦ ᠴᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠸᠠᠩ ᠬᠠᠶ ᠵᠧᠨ᠂ ᠬᠤᠸᠠᠩ ᠰᠢᠶᠤᠤ ᠬᠤ᠋ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

      ᠶᠠᠩ ᠯᠢ ᠮᠧᠢ ᠨᠠᠷ ᠤᠷᠢᠳ ᠬᠤᠵᠢᠳ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠷᠠᠰᠤᠳᠠᠢ

ᠤᠢ ᠰᠢᠭᠤᠢ ᠶᠢᠨ ᠲᠠᠯᠠᠪᠠᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸᠠᠨ ᠨᠧᠩ ᠠᠭᠤᠷᠬᠠᠢ ᠶᠢᠨ

ᠦᠢᠯᠡᠰ᠂ ᠵᠦᠩ ᠨᠠᠨ ᠠᠭᠤᠷᠬᠠᠢ ᠶᠢᠨ ᠦᠢᠯᠡᠰ᠂ ᠵᠢᠩ ᠨᠧᠩ ᠴᠠᠬᠢᠯᠭᠠᠨ ᠬᠦᠴᠦᠨ ᠤ ᠠᠷᠤ ᠲᠠᠯ᠎ᠠ ᠶᠢᠨ

ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠬᠥᠬᠡᠪᠦᠷ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ

ᠲᠦᠷᠦᠯ ᠵᠦᠢᠯ ᠵᠡᠷᠭᠡ ᠭᠠᠵᠠᠷ ᠢᠶᠠᠷ ᠭᠦᠨᠵᠡᠭᠡᠶᠢᠷᠡᠪᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂

ᠠᠵᠤ ᠠᠬᠤᠶᠢᠯᠠᠯ ᠤᠨ  ᠠᠶᠣᠯᠬᠦᠢ ᠦᠢᠯᠡᠳᠪᠦᠷᠢᠯᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠶᠢᠨ ᠠᠵᠢᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ

ᠬᠠᠮᠲᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃

      ᠶᠠᠩ ᠯᠢ ᠮᠧᠢ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠭᠠᠯ ᠰᠡᠷᠭᠡᠶᠢᠯᠡᠬᠦ

ᠭᠠᠯ ᠤᠨᠲᠠᠷᠠᠭᠠᠬᠤ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ︽ᠤᠢ ᠰᠢᠭᠤᠢ ᠶᠢᠨ ᠳᠠᠷᠤᠭ᠎ᠠ ᠶᠢᠨ ᠲᠦᠷᠢᠮ︾

 ᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠭᠠᠯ ᠤᠨᠲᠠᠷᠠᠭᠠᠬᠤ

ᠬᠦᠴᠦᠨ ᠢ ᠴᠢᠩᠭ᠎ᠠ ᠲᠤᠬᠢᠷᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠪᠣᠳᠠᠲᠤ ᠪᠠᠶᠢᠯᠳᠤᠭᠠᠨ ᠤ

ᠰᠣᠷᠢᠯᠲᠠ ᠶᠢ ᠥᠷᠨᠢᠭᠦᠯᠵᠦ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠴᠤ᠂ ᠬᠤᠭ

ᠨᠣᠪᠰᠢ ᠶᠢ ᠴᠢᠳᠬᠤᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠰᠡᠷᠭᠡᠶᠢᠯᠡᠬᠦ ᠬᠠᠯᠬᠠᠪᠴᠢ ᠶᠢ ᠡᠷᠡᠰ

ᠪᠠᠲᠤ ᠪᠠᠶᠢᠭᠤᠯᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ

ᠰᠤᠳᠠᠰᠤ ᠮᠥᠨ᠂ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠳᠠᠯᠳᠠ

ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ

ᠴᠢᠩᠭ᠎ᠠ ᠠᠳᠬᠤᠵᠤ᠂ ᠠᠵᠤ ᠠᠬᠤᠶᠢᠯᠠᠯ ᠤᠨ ᠳᠠᠯᠳᠠ ᠬᠡᠮ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂

ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠠᠭᠤᠷᠬᠠᠶ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ

ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ

ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ

ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ

ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂

ᠲᠦᠷᠦᠯ ᠵᠦᠢᠯ ᠤᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠪᠠᠲᠤ  ᠡᠵᠡᠮᠳᠡᠵᠦ᠂

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠲᠠᠷᠢᠶᠠᠯᠠᠩ ᠤᠨ ᠴᠢᠨᠠᠷ ᠰᠠᠶᠢᠲᠠᠶ

ᠬᠥᠭᠵᠢᠯᠲᠡ ᠶᠢ ᠳᠠᠶᠢᠴᠢᠯᠠᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠶᠢᠨ ᠪᠥᠬᠦ ᠶᠠᠪᠤᠴᠠ ᠶᠢ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠨᠡᠨ

ᠬᠦ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠠᠴᠢᠶᠠᠯᠠᠪᠤᠷᠢ ᠪᠠ ᠬᠦᠴᠦᠲᠡᠶ ᠪᠠᠲᠤᠯᠠᠭ᠎ᠠ ᠪᠣᠯᠭᠠᠵᠤ᠂ ᠪᠥᠬᠦ

ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠬᠡᠷᠡᠭᠲᠡᠶ᠃

       ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

 

        ᠰᠤᠷᠪᠤᠯᠵᠢᠯᠠᠭᠴᠢ᠄ ᠵᠠᠩ ᠰᠢᠶᠤᠤ ᠳ᠋ᠦᠩ    ᠱᠠᠨ ᠮᠢᠶᠣᠣ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号