ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠶᠠᠪᠤᠳᠠᠯ ᠢ ᠢᠯᠡ ᠪᠣᠯᠭᠠᠬᠤ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/4/3
        3 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠤᠲᠠᠰᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠯᠢᠦ ᠴᠢ ᠬᠤᠷᠠᠯ ᠳᠤ ᠣᠷᠣᠯᠴᠠᠵᠠᠶ᠃  

     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠠᠵᠢᠯᠲᠠᠳ ᠵᠠᠰᠠᠭ ᠤᠨ

ᠶᠠᠪᠤᠳᠠᠯ ᠢ ᠢᠯᠡ ᠪᠣᠯᠭᠠᠬᠤ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢᠨ

ᠠᠵᠢᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠬᠡᠷᠬᠢᠨ ᠴᠢᠨᠠᠷ ᠰᠠᠶᠢᠲᠠᠶ ᠠᠬᠢᠭᠤᠯᠬᠤ ᠲᠤᠬᠠᠶ

ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠠ᠃

     ᠬᠤᠷᠠᠯ ᠠᠴᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠪᠢᠴᠢᠯ

ᠪᠦᠷᠭᠡ᠂ ᠤᠯᠠᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠬᠡᠷᠡᠭᠯᠡᠯᠲᠡ ᠶᠢ ᠴᠢᠩᠭᠠᠳᠬᠠᠵᠤ᠂

ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠵᠠᠩᠭᠢ ᠶᠢ ᠰᠢᠨᠡᠳᠬᠡᠬᠦ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ

ᠨᠡᠶᠢᠲᠡᠯᠡᠬᠦ ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠦᠷᠢᠮᠵᠢᠯᠲᠡ᠂

ᠪᠠᠷᠢᠮᠵᠢᠶᠠᠵᠢᠯᠲᠠ᠂ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ 12345 ᠵᠠᠰᠠᠭ ᠤᠨ

ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠠᠪᠴᠠᠩ ᠢ ᠳᠠᠭᠠᠭᠠᠨ ᠠᠪᠴᠤ ᠰᠢᠢᠳᠪᠦᠷᠢᠯᠡᠬᠦ ᠠᠵᠢᠯ ᠢ

ᠪᠥᠬᠦ ᠲᠠᠯ᠎ᠠ ᠪᠠᠷ ᠰᠠᠶᠢᠲᠤᠷ ᠬᠢᠵᠦ᠂ ᠲᠤᠰᠬᠠᠭᠰᠠᠨ ᠵᠦᠢᠯᠡᠰ ᠢ ᠨᠠᠶᠢᠳᠠᠪᠤᠷᠢᠵᠢᠭᠤᠯᠤᠨ ᠰᠢᠢᠳᠪᠦᠷᠢᠯᠡᠬᠦ ᠶᠢ

ᠠᠬᠢᠭᠤᠯᠤᠨ᠂ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ

ᠦᠢᠯᠡᠴᠢᠯᠡᠬᠦ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ

ᠲᠣᠭᠲᠠᠴᠠ ᠪᠠᠨ ᠲᠡᠭᠦᠯᠳᠡᠷᠵᠢᠭᠦᠯᠵᠦ᠂ ᠴᠢᠨᠠᠷ ᠰᠠᠶᠢᠲᠠᠶ᠂ ᠦᠷ᠎ᠡ ᠪᠦᠲᠦᠮᠵᠢ ᠲᠠᠢ ᠵᠠᠰᠠᠭ ᠤᠨ ᠶᠠᠪᠤᠳᠠᠯ ᠤᠨ ᠮᠡᠳᠡᠭᠡ

ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠪᠥᠬᠦ ᠬᠤᠰᠢᠭᠤᠨ ᠤ ︽ᠲᠠᠪᠤᠨ ᠶᠡᠭᠡ ᠡᠭᠦᠷᠭᠡ︾ ᠪᠠ ᠴᠢᠨᠠᠷ

ᠰᠠᠶᠢᠲᠠᠶ ᠬᠥᠭᠵᠢᠯᠲᠡ ᠶᠢᠨ ᠲᠠᠯ᠎ᠠ ᠪᠠᠷ ᠬᠢ ᠠᠷᠭ᠎ᠠ ᠬᠡᠮᠵᠢᠶ᠎ᠡ ᠪᠠ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ

ᠢᠯᠡᠷᠡᠭᠦᠯᠬᠦ ᠬᠡᠷᠡᠭᠲᠡᠶ᠃

     ᠡᠯ᠎ᠡ ᠰᠤᠮᠤ ᠰᠢᠶᠠᠩ ᠪᠠᠯᠭᠠᠰᠤ ᠬᠦᠷᠢᠶᠡᠯᠡᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂

ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠲᠥᠪ᠂ ᠡᠯ᠎ᠡ ᠠᠵᠤ ᠠᠬᠤᠶᠢᠯᠠᠯ

ᠠᠵᠢᠯ ᠦᠢᠯᠡᠰ ᠤᠨ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

     

          ᠰᠤᠷᠪᠤᠯᠵᠢᠯᠠᠭᠴᠢ᠄ ᠵᠠᠩ ᠹᠸᠢ ᠢᠦᠶ     ᠸᠠᠩ ᡁᠢ ᠹᠠᠩ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号