ᠪᠣᠯᠪᠠᠰᠤᠨ ᠳᠠᠬᠢᠯᠭ᠎ᠠ ᠶᠢ ᠰᠠᠨᠠᠭᠠᠴᠢᠯᠠᠵᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/7
                        ᠪᠣᠯᠪᠠᠰᠤᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠷᠪᠢᠴᠢ ᠭᠠᠮᠲᠠᠶ᠂ ᠠᠮᠤᠷ ᠲᠦᠪᠰᠢᠨ ᠣᠲᠣ ᠦᠶ᠎ᠡ ᠶᠢᠨ ᠲᠠᠬᠢᠯᠭ᠎ᠠ ᠶᠢᠨ ᠰᠢᠨ᠎ᠡ ᠰᠤᠷᠲᠠᠯ ᠢ ᠪᠠᠳᠠᠷᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠂ ᠵᠠᠩ ᠳᠠᠳᠬᠠᠯ ᠢ ᠥᠭᠡᠷᠡᠴᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ ᠬᠦᠷᠢᠶ᠎ᠡ ᠰᠤᠮᠤ ᠳᠤ ︽ᠪᠣᠬᠢᠷᠲᠤᠯ ᠥᠬᠡᠶ ᠬᠠᠩᠰᠢ ᠶᠢᠨ ᠪᠣᠯᠪᠠᠰᠤᠨ ᠲᠠᠬᠢᠯᠭ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠷᠠᠳ ᠤᠨ ᠶᠠᠪᠤᠳᠠᠯ ᠤᠨ ᠠᠵᠢᠯᠲᠠᠳ ᠮᠠᠯᠴᠢᠨ ᠲᠠᠷᠢᠶᠠᠴᠢᠳ ᠤᠨ ᠲᠥᠯᠥᠭᠡᠯᠡᠭᠴᠢᠳ ᠲᠤ ᠪᠣᠯᠪᠠᠰᠤᠨ ᠲᠠᠬᠢᠯᠭ᠎ᠠ ᠪᠣᠯᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠲᠡᠳᠡᠨ ᠢ ᠪᠡᠶ᠎ᠡ ᠪᠠᠷ ᠢᠶᠠᠨ ᠬᠡᠪ  ᠳᠦᠷᠢᠮ  ᠦᠵᠡᠭᠦᠯᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠰᠠᠭᠤᠭᠠᠯᠢ ᠠᠷᠠᠳ ᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠮᠠᠶ᠋ᠢᠭ ᠤᠨ ᠲᠠᠬᠢᠯᠭ᠎ᠠ ᠶᠢᠨ ᠬᠡᠪ ᠰᠤᠷᠲᠠᠯ ᠢ ᠪᠤᠶ ᠪᠣᠯᠭᠠᠬᠤ ᠬᠡᠷᠡᠭᠲᠡᠶ ᠭᠡᠵᠦ ᠬᠦᠰᠡᠵᠡᠶ᠃ ᠳᠠᠷᠠᠭ᠎ᠠ ᠨᠢ ᠠᠵᠢᠯᠲᠠᠳ ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠣᠯᠠᠨ ᠲᠦᠮᠡᠨ ᠳᠤ ᠲᠠᠷᠠᠬᠠᠭᠠᠵᠦ᠂  ᠡᠷᠡᠬᠦᠯ ᠴᠢᠬᠢᠷᠠᠭ ᠲᠠᠬᠢᠯᠭ᠎ᠠ ᠶᠢᠨ ᠲᠦᠷᠦᠭᠦᠴᠢ᠂ ᠠᠮᠤᠷ ᠲᠦᠪᠰᠢᠨ ᠤ ᠲᠠᠬᠢᠯᠭ᠎ᠠ ᠶᠢᠨ ᠰᠠᠬᠢᠭᠴᠢ᠂ ᠠᠷᠪᠢᠴᠢ ᠭᠠᠮᠲᠠᠶ ᠲᠠᠬᠢᠯᠭ᠎ᠠ ᠶᠢᠨ ᠦᠢᠯᠡᠳᠦᠯᠭᠡᠵᠢᠭᠦᠯᠦᠭᠴᠢ᠂ ᠪᠣᠯᠪᠠᠰᠤᠨ ᠲᠠᠬᠢᠯᠭ᠎ᠠ ᠶᠢᠨ ᠬᠦᠷᠢᠶᠡᠯᠡᠭᠴᠢ ᠪᠣᠯᠬᠤ ᠶᠢ ᠤᠷᠢᠶᠠᠯᠠᠵᠠᠶ᠃      ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠵᠠᠩ ᠳᠠᠳᠬᠠᠯ ᠢ ᠥᠭᠡᠷᠡᠴᠢᠯᠡᠬᠦ ᠲᠤᠬᠠᠶ ᠣᠶᠢᠯᠠᠭᠠᠬᠤ ᠨᠣᠷᠮ᠎ᠠ ᠪᠠ ᠮᠡᠳᠡᠷᠡᠬᠦ ᠰᠡᠳᠬᠢᠯᠭᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ︽ᠪᠣᠯᠪᠠᠰᠤᠨ ᠲᠠᠬᠢᠯᠭ᠎ᠠ᠂ ᠪᠣᠬᠢᠷᠲᠤᠯ ᠥᠬᠡᠶ ᠲᠠᠬᠢᠯᠭ᠎ᠠ︾ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠦᠷᠢᠶ᠎ᠡ ᠰᠤᠮᠤ ᠶᠢᠨ ᠬᠢᠨ ᠬᠡᠪ ᠵᠠᠩᠰᠢᠯ ᠢ ᠥᠭᠡᠷᠡᠴᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠂ ᠤᠬᠠᠭᠤᠯᠤᠨ ᠬᠥᠲᠥᠯᠬᠦ ᠶᠢ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠰᠤᠷᠲᠠᠯ ᠢ ᠣᠯᠠᠨ ᠲᠦᠮᠡᠨ ᠤ ᠰᠡᠳᠬᠢᠯ ᠳᠤ ᠦᠨᠡᠨᠬᠦ ᠬᠠᠳᠠᠩᠰᠢᠭᠤᠯᠵᠤ᠂ ᠪᠣᠯᠪᠠᠰᠤᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠪᠠ᠃                    ᠵᠣᠬᠢᠶ᠋ᠬᠠᠴᠢ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ            ᠣᠷᠴᠢᠭᠤᠯᠣᠨᠨᠴᠢ᠄  ᠭᠧ ᠲᠣᠸᠠᠨ ᠯᠢᠶᠡᠨ          
 
ᠢᠷᠡᠯᠲᠡ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号