ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ 18 ᠲᠦᠮᠡᠨ ᠮᠥ ᠪᠤᠭᠤᠳᠠᠶ ᠳᠠᠷᠢᠵᠤ ᠡᠬᠢᠯᠡᠪᠡ
ᠨᠡᠶᠢᠲᠡᠯᠡᠭᠰᠡᠨ ᠴᠠᠭ᠄
2024/4/7
                     ᠵᠢᠯ ᠤᠨ ᠠᠵᠢᠯ ᠬᠠᠪᠤᠷ ᠲᠠᠭᠠᠨ ᠪᠤᠢ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠥᠶ᠎ᠡ ᠮᠦᠨ᠃ ᠣᠶᠢᠷ᠎ᠠ ᠶᠢᠨ ᠡᠳᠦᠷ ᠤᠳ ᠲᠤ᠂ ᠠᠭᠠᠷ ᠤᠨ ᠳᠤᠯᠠᠭᠠᠨ ᠳᠡᠭᠡᠭᠰᠢᠯᠡᠵᠦ᠂ ᠬᠥᠷᠥᠰᠥ ᠰᠢᠷᠣᠶ ᠭᠡᠰᠬᠦ ᠶᠢ ᠳᠠᠭᠠᠯᠳᠤᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 18 ᠲᠦᠮᠡᠨ ᠮᠥ ᠪᠤᠭᠤᠳᠠᠢ ᠳᠠᠷᠢᠬᠤ ᠠᠵᠢᠯ ᠪᠥᠬᠦ ᠲᠠᠯ᠎ᠠ ᠪᠠᠷ ᠥᠷᠨᠢᠵᠦ᠂ ᠲᠠᠷᠢᠶᠠᠴᠢᠨ ᠡᠷᠦᠬᠡ ᠠᠰᠢᠭᠲᠠᠶ ᠴᠠᠭ ᠲᠣᠬᠢᠶᠠᠯ᠂ ᠴᠢᠬᠢᠭ ᠢ ᠠᠮᠵᠢᠨ ᠳᠠᠷᠢᠵᠤ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ  ᠲᠦᠷᠭᠡᠳᠬᠡᠪᠡ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦ᠋ ᠴᠧᠩ ᠽᠢ ᠰᠢᠶᠠᠩ ᠤᠨ ᠴᠧᠩ ᠹᠧᠩ

ᠲᠥᠮᠥᠰᠥ ᠶᠢᠨ ᠦᠢᠯᠡᠰ ᠤᠨ ᠲᠤᠰᠬᠠᠢ ᠬᠤᠷᠰᠢᠶ᠎ᠠ ᠶᠢᠨ ᠮᠢᠩᠭᠠᠨ ᠮᠦ ᠬᠠᠪᠤᠷ ᠤᠨ ᠪᠤᠭᠤᠳᠠᠢ ᠶᠢ ᠵᠠᠯᠭᠠᠭ᠎ᠠ ᠪᠠᠷ

ᠡᠬᠢᠯᠡᠨ ᠲᠠᠷᠢᠵᠤ᠂ ᠲᠤᠮᠤ ᠬᠡᠯᠪᠡᠷᠢ ᠶᠢᠨ ᠣᠳᠣᠬᠢᠴᠢᠯᠠᠭᠰᠠᠨ ᠦᠷ᠎ᠡ ᠰᠠᠴᠤᠬᠤ ᠮᠠᠰᠢᠨ ᠲᠠᠷᠢᠶᠠᠨ ᠳᠤ ᠨᠠᠰᠢ ᠴᠠᠰᠢ

ᠰᠦᠯᠵᠢᠯᠳᠦᠵᠦ ᠪᠠᠶᠢᠯ᠎ᠠ᠃

     ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠢ ᠰᠠᠶᠢᠲᠤᠷ ᠬᠢᠬᠦ ᠪᠣᠯ ᠪᠦᠬᠦ ᠵᠢᠯ ᠤᠨ ᠠᠮᠤ ᠪᠤᠳᠠᠭ᠎ᠠ ᠪᠣᠯᠤᠨ

ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢᠨ

ᠵᠠᠩᠭᠢᠯᠠᠭ᠎ᠠ ᠪᠣᠯᠤᠨ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠤᠨᠠᠯᠲᠠ ᠶᠢ

ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ  

ᠨᠡᠮᠡᠭᠳᠡᠭᠦᠯᠬᠦ᠂ ᠬᠥᠳᠡᠭᠡ ᠲᠣᠰᠬᠤᠨ ᠢ ᠠᠮᠤᠷ ᠲᠣᠭᠲᠠᠭᠤᠨ ᠪᠠᠶᠢᠯᠭᠠᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂

ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ

ᠭᠦᠨᠵᠡᠭᠡᠶᠢᠷᠡᠭᠦᠯᠦᠨ᠂ ᠲᠠᠷᠢᠶᠠᠴᠢᠨ ᠡᠷᠦᠬᠡ ᠶᠢ ᠵᠢᠯᠣᠭᠤᠳᠴᠤ ᠪᠠᠶᠢᠭᠠᠳ ᠪᠣᠭᠤᠳᠠᠶ ᠶᠢᠨ ᠰᠢᠯᠢᠳᠡᠭ ᠡᠭᠦᠯᠳᠡᠷ ᠢ

ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠷᠢᠮᠵᠢᠶᠠᠵᠢᠯᠲᠠ

ᠪᠠ ᠮᠠᠰᠢᠨᠴᠢᠯᠠᠯᠲᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠂ ᠪᠣᠭᠤᠳᠠᠶ ᠶᠢᠨ ᠲᠠᠯᠠᠪᠠᠶ ᠨᠢᠭᠡᠴᠢ ᠶᠢᠨ

ᠤᠨᠠᠯᠲᠠ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠲᠠᠰᠤᠷᠠᠯᠲᠠ ᠥᠬᠡᠶ ᠬᠦᠴᠦ

ᠣᠷᠣᠭᠤᠯᠵᠤ᠂ ᠶᠠᠰᠤ ᠴᠢᠨᠠᠷ ᠪᠠ ᠦᠷ᠎ᠡ ᠠᠰᠢᠭ ᠢ ᠠᠳᠬᠤᠨ᠎ᠠ᠃

          ᠰᠤᠷᠪᠤᠯᠵᠢᠯᠠᠭᠴᠢ᠄ ᠵᠠᠩ ᠵᠢᠤᠸᠠᠨ      ᠭᠤᠤ ᠸᠧᠶ

          ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号