ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠠᠵᠢᠯᠴᠢᠨ ᠤ ᠡᠪᠯᠡᠯ ᠤᠨ ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/4/7
               ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠠᠵᠢᠯᠴᠢᠨ ᠤ ᠡᠪᠯᠡᠯ ᠤᠨ ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠠᠨ ᠵᠠᠨ ᠹᠧᠩ ᠪᠣᠯᠪᠠᠰᠤᠷᠠᠯ ᠤᠨ ᠬᠤᠷᠠᠯ ᠳᠤ ᠣᠷᠣᠯᠴᠠᠵᠠᠶ᠃

     ᠲᠣᠰ ᠤᠳᠠᠭᠠᠨ ᠤ ᠪᠣᠯᠪᠠᠰᠤᠷᠠᠭᠤᠯᠤᠯ ᠳᠤ ᠤᠯᠠᠭᠠᠨᠴᠠᠪ ᠬᠤᠲᠠ ᠶᠢᠨ ᠨᠠᠮ ᠤᠨ ᠰᠤᠷᠭᠠᠭᠤᠯᠢ ᠶᠢᠨ ᠯᠧᠺᠲ᠋ᠣᠷ

ᠵᠠᠩ ᠰᠢᠶᠤᠤ ᠮᠧᠩ᠂ ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ

ᠨᠡᠶᠢᠭᠡᠮᠯᠢᠭ ᠤᠨ ᠠᠵᠢᠯ ᠦᠢᠯᠡᠰ ᠢ ᠥᠷᠭᠡᠳᠬᠡᠬᠦ ᠬᠡᠯᠲᠡᠰ ᠤᠨ ᠵᠠᠩ ᠴᠦᠨ ᠶᠠᠨ᠂ ᠥᠪᠡᠷᠲᠡᠭᠡᠨ ᠵᠠᠰᠠᠬᠤ ᠣᠷᠣᠨ ᠤ

ᠠᠵᠢᠯᠴᠢᠨ ᠤ ᠶᠡᠷᠦᠩᠬᠡᠶ ᠡᠪᠯᠡᠯ ᠤᠨ ᠬᠠᠤᠯᠢ ᠴᠠᠭᠠᠵᠠ ᠶᠢᠨ ᠠᠵᠢᠯ ᠤᠨ ᠬᠡᠯᠲᠡᠰ ᠤᠨ ᠬᠠᠮᠲᠤ ᠶᠢᠨ ᠵᠥᠪᠳᠡᠯᠴᠡᠭᠡᠨ ᠤ

ᠵᠢᠭᠠᠨ ᠵᠢᠯᠣᠭᠤᠳᠣᠭᠴᠢ ᠸᠧᠶ ᠶᠢᠨ ᠮᠢᠩ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ

ᠡᠳ᠋ ᠤᠨ ᠶᠠᠪᠤᠳᠠᠯ ᠤᠨ ᠬᠡᠯᠲᠡᠰ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠭᠤᠤ ᠠᠶ ᠹᠦ᠋᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠠᠵᠢᠯ ᠦᠢᠯᠡᠰ ᠤᠨ ᠬᠥᠭᠵᠢᠯᠲᠡ ᠶᠢᠨ

ᠲᠥᠪ ᠤᠨ ᠳᠡᠳ᠋  ᠫᠷᠤᠹᠧᠰᠰᠣᠷ ᠸᠠᠩ ᠶᠠ ᠳ᠋ᠦᠩ ᠵᠡᠷᠭᠡ ᠯᠧᠺᠲ᠋ᠣᠷ ᠢ ᠣᠨᠴᠠᠭᠠᠶᠢᠯᠠᠨ ᠤᠷᠢᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠡᠮ ᠡᠮᠨᠡᠯᠭᠡ ᠶᠢᠨ ᠲᠠᠯ᠎ᠠ ᠪᠠᠷ ᠬᠠᠷᠢᠯᠴᠠᠨ

ᠬᠠᠪᠰᠤᠷᠤᠯᠴᠠᠬᠤ ᠵᠢᠴᠢ ᠡᠮᠡᠭᠲᠡᠶᠢᠴᠦᠳ ᠤᠨ ᠰᠢᠨᠺᠠᠩ ᠤᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ

ᠠᠵᠢᠯᠯᠠᠭ᠎ᠠ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠰᠢᠰᠲ᠋ᠧᠮ ᠲᠠᠢ ᠠᠵᠢᠯᠯᠠᠭ᠎ᠠ᠂ ᠬᠠᠮᠲᠤ ᠪᠠᠷ

ᠵᠥᠪᠳᠡᠯᠴᠡᠬᠦ ᠣᠨᠣᠯ ᠪᠣᠯᠤᠨ ᠪᠣᠳᠠᠲᠠᠶ ᠪᠣᠯᠪᠠᠰᠤᠷᠠᠯ᠂ ᠠᠵᠢᠯᠴᠢᠨ ᠤ ᠡᠪᠯᠡᠯ ᠤᠨ ᠵᠠᠷᠤᠳᠠᠯ ᠤᠨ ᠣᠷᠣᠯᠭ᠎ᠠ

ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ

ᠪᠠᠶᠢᠭᠤᠯᠤᠯᠲᠠ ᠶᠢᠨ ᠵᠢᠷᠤᠮᠵᠢᠭᠤᠯᠤᠭᠰᠠᠨ ᠪᠠᠶᠢᠭᠤᠯᠤᠯᠲᠠ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ

ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ ᠵᠡᠷᠭᠡ ᠠᠭᠤᠯᠭ᠎ᠠ ᠶᠢᠨ ᠲᠣᠭᠤᠷᠢᠨ ᠳᠤ

ᠭᠦᠨᠵᠡᠭᠡᠢ ᠲᠠᠶᠢᠯᠪᠦᠷᠢᠯᠡᠪᠡ᠃

     ᠪᠣᠯᠪᠠᠰᠤᠷᠠᠭᠤᠯᠤᠯ ᠳᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠠᠵᠢᠯᠴᠢᠨ ᠤ ᠡᠪᠯᠡᠯ ᠠᠵᠢᠯᠲᠠᠨ

ᠠᠵᠢᠯᠴᠢᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ

ᠴᠢᠨᠠᠷᠲᠠᠶ ᠦᠢᠯᠡᠴᠢᠯᠡᠭᠡ ᠪᠠ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠪᠠᠷ ᠭᠤᠣᠯᠳᠠᠯᠭ᠎ᠠ ᠪᠣᠯᠭᠠᠭᠰᠠᠨ

ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠬᠥᠳᠡᠯᠮᠦᠷᠢ ᠠᠵᠢᠯ ᠣᠯᠭᠤᠯᠲᠠ᠂

ᠣᠷᠣᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠠᠮᠤᠷ ᠲᠦᠪᠰᠢᠨ ᠡᠷᠡᠭᠦᠯ ᠬᠠᠮᠠᠭᠠᠯᠠᠯ ᠵᠡᠷᠭᠡ

ᠲᠠᠯ᠎ᠠ ᠶᠢᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢᠨ

ᠰᠠᠭᠤᠷᠢ ᠶᠢ ᠪᠠᠬᠢᠵᠢᠭᠦᠯᠵᠦ᠂ ᠬᠥᠳᠡᠯᠮᠦᠷᠢ ᠶᠢᠨ ᠬᠦᠷᠢᠶᠡᠨ ᠤ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠵᠤ

ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠨᠠᠮ ᠵᠠᠰᠠᠭ  ᠤᠨ  

ᠨᠠᠶᠢᠳᠠᠪᠤᠷᠢᠲᠠᠶ᠂ ᠠᠵᠤ ᠠᠬᠤᠶᠢᠯᠠᠯ ᠤᠨ ᠰᠠᠯᠵᠤ ᠪᠣᠯᠤᠰᠢ ᠦᠭᠡᠶ᠂ ᠠᠵᠢᠯᠲᠠᠨ ᠠᠵᠢᠯᠴᠢᠨ ᠤ ᠢᠲᠡᠭᠡᠯᠲᠡᠶ ︽

ᠠᠵᠢᠯᠲᠠᠨ ᠠᠵᠢᠯᠴᠢᠨ ᠤ ᠭᠡᠷ︾ ᠪᠣᠯᠭᠠᠨ ᠪᠦᠲᠦᠭᠡᠨ ᠪᠠᠶᠢᠭᠤᠯᠵᠤ᠂ ᠡᠯ᠎ᠡ ᠵᠦᠢᠯ ᠤᠨ ᠬᠡᠯᠪᠡᠷᠢ ᠶᠢᠨ ᠬᠥᠳᠡᠯᠮᠦᠷᠢ ᠪᠠ

ᠤᠷ᠎ᠠ ᠮᠡᠷᠭᠡᠵᠢᠯ ᠤᠨ ᠤᠷᠤᠯᠳᠤᠭᠠᠨ ᠢ ᠥᠷᠭᠡᠨ ᠭᠦᠨᠵᠡᠭᠡᠶ ᠥᠷᠨᠢᠭᠦᠯᠵᠦ᠂ ᠬᠥᠳᠡᠯᠮᠦᠷᠢ ᠶᠢᠨ ᠵᠢᠱᠢᠶᠡᠴᠢ ᠶᠢ

ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠠᠮᠤᠭ ᠤᠨ ᠭᠤᠶᠣ

ᠠᠵᠢᠯᠲᠠᠨ ᠠᠵᠢᠯᠴᠢᠨ︾ ᠢ ᠰᠣᠩᠭᠤᠨ ᠤᠬᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠭᠠᠪᠢᠶ᠎ᠠ

ᠪᠠᠶᠢᠭᠤᠯᠤᠨ ᠦᠢᠯᠡᠰ ᠪᠦᠲᠦᠭᠡᠬᠦ᠂ ᠰᠢᠨ᠎ᠡ ᠶᠢ ᠡᠭᠦᠳᠦᠨ ᠪᠦᠲᠦᠭᠡᠬᠦ ᠠᠭᠤᠷ ᠠᠮᠢᠰᠬᠤᠯ ᠢ ᠬᠥᠭᠵᠢᠭᠡᠨ᠂ ᠪᠥᠬᠦ

ᠬᠤᠰᠢᠭᠤᠨ ᠤ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠴᠢᠳᠠᠪᠤᠷᠢᠲᠠᠨ  ᠬᠦᠮᠦᠵᠢᠬᠦᠯᠵᠦ  

ᠥᠭᠭᠦᠨ᠎ᠡ᠃

      ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ ᠪᠣᠯᠤᠨ᠎ᠠ᠂ ᠬᠤᠰᠢᠭᠤᠨ ᠤ ᠠᠵᠢᠯᠴᠢᠨ ᠤ

ᠶᠡᠷᠦᠩᠬᠡᠶ ᠡᠪᠯᠡᠯ ᠤᠨ ᠪᠥᠬᠦ ᠺᠠᠳ᠋ᠷ᠂ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ ᠵᠢᠴᠢ

ᠠᠵᠢᠯᠴᠢᠨ ᠤ ᠡᠪᠯᠡᠯ ᠤᠨ ᠠᠵᠢᠯ ᠢ ᠡᠷᠭᠢᠯᠡᠵᠦ ᠪᠠᠶᠢᠭ᠎ᠠ ᠺᠠᠳ᠋ᠷ᠂ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠢᠶ᠎ᠠ ᠪᠥᠬᠦᠶ

ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃

   

             ᠰᠤᠷᠪᠤᠯᠵᠢᠯᠠᠭᠴᠢ᠄ ᠵᠠᠩ ᠵᠢᠤᠸᠠᠨ      ᠭᠤᠤ ᠸᠧᠶ

             ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号