ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢ ᠶᠢᠨ ᠫᠢᠩ ᠬᠤᠲᠠ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠲᠥᠪᠯᠡᠷᠡᠭᠦᠯᠦᠨ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/8
          ᠰᠢ ᠶᠢᠨ ᠫᠢᠩ ᠶᠡᠷᠦᠩᠬᠡᠶ ᠱᠦᠵᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠬᠤ ᠶᠢᠨ ᠲᠥᠯᠥᠭᠡ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠵᠤ᠂ 4 ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳ᠋ᠤᠸᠠᠨ ᠴᠤᠤ ᠬᠠᠤᠯᠢᠴᠢ ᠶᠢ ᠤᠷᠢᠵᠤ ᠪᠥᠬᠦ ᠠᠵᠢᠯᠲᠠᠨ ᠠᠵᠢᠯᠴᠢᠨ ᠳᠤ ᠰᠢ ᠶᠢᠨ ᠫᠢᠩ ᠮᠤᠵᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢᠨ ᠲᠤᠬᠠᠶ ᠬᠢᠴᠢᠶᠡᠯ ᠣᠷᠣᠪᠠ᠃

     ᠳ᠋ᠤᠸᠠᠨ ᠬᠠᠤᠯᠢᠴᠢ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂

ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂

ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ᠂ ᠢᠳᠡᠭᠡᠨ ᠤ ᠠᠶᠤᠯᠭᠦᠶ ᠶᠢᠨ ᠬᠢᠨᠠᠨ

ᠬᠠᠮᠢᠶᠠᠷᠤᠯᠲᠠ ᠶᠢᠨ ᠨᠢᠭᠡᠳᠦᠯᠲᠡᠶ ᠴᠢᠨᠠᠷ ᠪᠠ ᠲᠤᠰᠬᠠᠶ ᠮᠡᠷᠭᠡᠵᠢᠯ ᠤᠨ ᠴᠢᠨᠠᠷ ᠢ ᠴᠢᠩᠭᠠᠳᠬᠠᠬᠤ᠂ ᠢᠳᠡᠭᠡᠨ ᠤ

ᠠᠶᠤᠯᠭᠦᠶ ᠶᠢᠨ ᠬᠢᠨᠠᠨ ᠬᠠᠮᠢᠶᠠᠷᠤᠯᠲᠠ ᠶᠢᠨ ᠬᠢᠷᠢ ᠲᠦᠪᠰᠢᠨ ᠪᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠲᠠᠯ᠎ᠠ ᠪᠠᠷ

ᠲᠠᠶᠢᠯᠤᠮᠵᠢ ᠬᠢᠭᠰᠡᠨ ᠪᠠᠶᠢᠨ᠎ᠠ᠃

     ᠪᠣᠯᠪᠠᠰᠤᠷᠠᠭᠤᠯᠤᠯ ᠳᠤ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ

ᠲᠦᠪᠰᠢᠨ ᠤ ᠬᠠᠤᠯᠢ︾ ᠶᠢᠨ ᠬᠤᠯᠪᠣᠭᠳᠠᠯ ᠪᠥᠬᠦᠶ ᠲᠣᠭᠲᠠᠭᠠᠯ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠶᠢ

ᠵᠠᠳᠠᠯᠤᠨ ᠲᠠᠶᠢᠯᠪᠤᠷᠢᠯᠠᠪᠠ᠃

     ᠪᠣᠯᠪᠠᠰᠤᠷᠠᠯ ᠢᠶᠠᠷ ᠳᠡᠮᠵᠢᠨ᠂ ᠠᠵᠢᠯᠲᠠᠳ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ

ᠮᠥᠴᠢᠷ ᠤᠨ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠠᠷᠠᠳ ᠤᠨ

ᠲᠥᠯᠥᠭᠡ ᠲᠦᠷᠦ ᠪᠠᠷᠢᠬᠤ ᠦᠨᠳᠦᠷᠴᠡ ᠠᠴᠠ᠂ ᠶᠡᠭᠡ ᠲᠠᠯ᠎ᠠ ᠳᠤ ᠦᠢᠯᠡᠴᠢᠯᠡᠬᠦ ᠦᠨᠳᠦᠷᠴᠡ ᠠᠴᠠ᠂ ᠠᠮᠤᠷ

ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠦᠭᠡᠢ ᠦᠨᠳᠦᠷᠴᠡ ᠠᠴᠠ ᠢᠳᠡᠭᠡᠨ ᠪᠠ

ᠡᠮ ᠤᠨ ᠵᠦᠢᠯᠡᠰ ᠤᠨ ᠠᠮᠤᠷ ᠲᠦᠪᠰᠢᠨ ᠤ ᠲᠦᠢᠯ ᠤᠨ ᠴᠢᠬᠤᠯᠠ ᠴᠢᠨᠠᠷ ᠢ ᠤᠯᠠᠮ ᠴᠢᠨᠠᠭᠰᠢᠳᠠ ᠲᠠᠨᠢᠵᠤ᠂ ᠤᠯᠤᠰ

ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ

ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ

ᠴᠢᠩᠭᠠᠳᠬᠠᠬᠤ ᠬᠡᠷᠡᠭᠲᠡᠢ ᠭᠡᠵᠦ ᠢᠯᠡᠳᠬᠡᠵᠡᠭᠡᠪᠡ᠃

           ᠵᠣᠬᠢᠶᠠᠭᠴᠢ᠄ ᠴᠧᠨ ᠨᠢᠩ

           ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号