ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠶᠢ ᠲᠠᠷᠢᠶᠠᠨ ᠭᠠᠵᠠᠷ ᠲᠤ ᠣᠷᠣᠭᠤᠯᠵᠦ ᠬᠠᠪᠤᠷ ᠤᠨ ᠲᠠᠷᠢᠶᠠᠯᠠᠭ᠎ᠠ ᠶᠢ ᠲᠤᠰᠠᠯᠠᠨ᠎ᠠ
ᠨᠡᠶᠢᠲᠡᠯᠡᠭᠰᠡᠨ ᠴᠠᠭ᠄
2024/4/8
            ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠴᠠᠭ ᠦᠶ᠎ᠡ ᠪᠠᠶᠢᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ᠲᠠᠷᠢᠶᠠᠨ ᠭᠠᠵᠠᠷ ᠲᠤ ᠭᠦᠨᠵᠡᠭᠡᠶᠢᠷᠡᠨ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠶᠢ ᠵᠢᠯᠣᠭᠤᠳᠴᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠬᠠᠮᠠᠭᠠᠯᠠᠨ᠎ᠠ᠃

      ᠲᠤ ᠴᠧᠩ ᠽᠢ ᠰᠢᠶᠠᠩ ᠤᠨ ᠴᠧᠩ ᠹᠧᠩ ᠲᠥᠮᠥᠰᠥᠨ ᠤ ᠦᠢᠯᠡᠰ ᠤᠨ ᠪᠤᠭᠤᠳᠠᠢ ᠶᠢᠨ ᠲᠠᠷᠢᠶᠠᠨ ᠳᠤ᠂

ᠦᠷ᠎ᠡ ᠰᠠᠴᠤᠬᠤ ᠮᠠᠰᠢᠨ ᠲᠠᠷᠢᠶᠠᠨ ᠭᠠᠵᠠᠷ ᠢᠶᠠᠷ ᠰᠦᠯᠵᠢᠯᠳᠦᠵᠦ᠂ ᠲᠠᠷᠢᠮᠠᠯ ᠤᠨ ᠡᠷᠦᠬᠡ ᠨᠦᠭᠦᠳ ᠪᠤᠭᠤᠳᠠᠢ

ᠲᠠᠷᠢᠬᠤ ᠠᠯᠬᠤᠮ ᠳᠠᠷᠠᠭ᠎ᠠ ᠪᠠᠷ ᠪᠡᠯᠡᠳᠬᠡᠵᠦ ᠪᠠᠶᠢᠭ᠎ᠠ ᠪᠤᠭᠤᠳᠠᠢ ᠶᠢᠨ ᠦᠷ᠎ᠡ᠂ ᠪᠤᠷᠳᠤᠭᠤᠷ ᠢ ᠬᠠᠮᠲᠤ ᠳᠤᠨᠢ ᠦᠷ᠎ᠡ

ᠰᠠᠴᠤᠬᠤ ᠮᠠᠰᠢᠨ ᠳᠤ ᠣᠷᠣᠭᠤᠯᠵᠤ᠂ ᠦᠷ᠎ᠡ ᠰᠠᠴᠤᠬᠤ ᠮᠠᠰᠢᠨ ᠤ ᠬᠦᠷᠴᠢᠭᠢᠨᠡᠬᠦ ᠳᠠᠭᠤᠨ ᠢ ᠳᠠᠭᠠᠯᠳᠤᠭᠤᠯᠤᠨ᠂

ᠪᠤᠭᠤᠳᠠᠢ ᠲᠠᠷᠢᠬᠤ ᠪᠠ ᠪᠤᠷᠳᠤᠭᠤᠷ ᠣᠷᠣᠭᠤᠯᠬᠤ ᠠᠵᠢᠯ ᠢ ᠨᠢᠭᠡ ᠯᠡ ᠤᠳᠠᠭ᠎ᠠ ᠳᠤ ᠬᠢᠵᠦ ᠲᠠᠭᠤᠰᠬᠠᠨ᠎ᠠ᠃

       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯᠲᠡᠨ ᠭᠤᠤ ᠹᠧᠩ᠄ ︽ᠤᠳᠤ ᠶᠠᠭ ᠰᠠᠶᠢᠬᠠᠨ

ᠬᠠᠪᠤᠷ ᠤᠨ ᠪᠤᠭᠤᠳᠠᠢ ᠲᠠᠷᠢᠬᠤ ᠤᠯᠠᠷᠢᠯ ᠪᠤᠯᠵᠤ ᠪᠠᠶᠢᠨ᠎ᠠ᠂ ᠪᠢᠳᠡ ᠪᠦᠬᠦ ᠬᠦᠴᠦᠨ ᠢᠶᠠᠷ ᠢᠶᠠᠨ ᠴᠠᠭ ᠢ ᠠᠮᠵᠢᠵᠤ᠂

ᠠᠬᠢᠴᠠ ᠶᠢ ᠠᠮᠵᠢᠵᠤ᠂ ᠮᠡᠷᠭᠡᠵᠢᠯ ᠤᠨ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠢᠨᠵᠢᠯᠡᠬᠦ

ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠬᠠᠪᠤᠷ ᠤᠨ ᠲᠠᠷᠢᠶᠠᠯᠠᠭ᠎ᠠ ᠳᠤ ᠬᠦᠴᠦ ᠨᠡᠮᠡᠷᠢᠯᠡᠵᠦ᠂ ᠨᠢᠭᠤᠷᠳᠠᠨ

ᠤᠨᠤᠯ ᠶᠠᠷᠢᠵᠤ᠂ ᠭᠠᠷ ᠢᠶᠠᠷ ᠢᠶᠠᠨ ᠮᠡᠷᠭᠡᠵᠢᠯ ᠵᠢᠭᠠᠬᠤ ᠪᠠᠷ ᠳᠠᠮᠵᠢᠭᠤᠯᠤᠨ᠂ ᠲᠠᠷᠢᠶᠠᠴᠢᠨ ᠨᠢᠭᠡᠪᠦᠷᠢ ᠳᠤ ᠮᠠᠨ ᠤ

ᠰᠢᠨᠵᠢᠯᠡᠬᠦ ᠤᠬᠠᠭᠠᠨᠴᠢ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠢ ᠦᠨᠡᠨ ᠬᠦ ᠡᠵᠡᠮᠰᠢᠭᠦᠯᠵᠦ᠂ ᠲᠠᠷᠢᠮᠠᠯ ᠤᠨ

ᠤᠨᠠᠯᠲᠠ ᠶᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ︾ ᠭᠡᠪᠡ᠃

      ᠣᠳᠣᠬᠠᠨ ᠳᠤ ᠪᠣᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ

ᠪᠣᠯᠤᠨ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠲᠣᠪᠴᠢᠶ᠎ᠠ ᠡᠷᠲᠡ ᠠᠴᠠ ᠠᠷᠭ᠎ᠠ ᠰᠦᠪᠡᠭᠴᠢᠯᠡᠵᠦ᠂ ᠡᠷᠲᠡ ᠠᠴᠠ ᠲᠣᠬᠢᠷᠠᠭᠤᠯᠵᠤ᠂

ᠡᠷᠲᠡ ᠠᠴᠠ ᠠᠵᠢᠯᠯᠠᠭ᠎ᠠ ᠠᠪᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂

ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠳᠤ ᠪᠦᠬᠦ ᠲᠠᠯ᠎ᠠ ᠪᠠᠷ ᠦᠢᠯᠡᠴᠢᠯᠡᠵᠦ᠂ ᠲᠠᠷᠢᠮᠠᠯ ᠤᠨ

ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠶᠢ ᠪᠣᠳᠠᠲᠠᠢ ᠭᠠᠵᠠᠷ ᠲᠤᠨᠢ ᠥᠷᠨᠢᠭᠦᠯᠵᠦ᠂ ᠲᠠᠷᠢᠶᠠᠯᠠᠩ ᠤᠨ

ᠮᠡᠷᠭᠡᠵᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ

ᠣᠶᠢᠯᠠᠭᠠᠭᠳᠠᠬᠤᠨ ᠢ ᠲᠠᠷᠢᠶᠠᠨ ᠭᠠᠵᠠᠷ ᠲᠤ ᠣᠷᠣᠭᠤᠯᠵᠤ᠂ ᠲᠠᠷᠢᠮᠠᠯ ᠤᠨ ᠡᠷᠦᠬᠡ ᠶᠢ ᠬᠠᠪᠰᠤᠷᠤᠨ ᠲᠠᠷᠢᠶᠠᠯᠠᠩ ᠤᠨ

ᠦᠢᠯᠡᠳᠪᠦᠷᠢᠯᠡᠯ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠪᠦᠬᠦ ᠵᠢᠯ ᠤᠨ ᠲᠠᠷᠢᠶᠠᠯᠠᠩ ᠤᠨ

ᠡᠯᠪᠡᠭ ᠬᠤᠷᠢᠶᠠᠯᠲᠠ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠨ᠎ᠠ᠃

        ᠰᠤᠷᠪᠤᠯᠵᠢᠯᠠᠭᠴᠢ᠄ ᠵᠠᠩ ᠵᠢᠤᠸᠠᠨ     ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

     

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号