ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/8
           4 ᠰᠠᠷ᠎ᠠ ᠶᠢᠨ 3 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃

     ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ

ᠵᠦᠢᠯ ᠨᠢ ᠠᠮᠤ ᠪᠤᠳᠠᠭᠠᠨ ᠤ ᠠᠮᠤᠷ ᠲᠦᠪᠰᠢᠨ ᠳᠤ ᠬᠤᠯᠪᠣᠭᠳᠠᠬᠤ᠂ ᠪᠠᠷᠢᠯᠭ᠎ᠠ ᠶᠢᠨ ᠠᠵᠤ ᠠᠬᠤᠶᠢᠯᠠᠯ ᠬᠢᠭᠡᠳ

ᠬᠤᠯᠪᠣᠭᠳᠠᠬᠤ ᠰᠤᠮᠤ ᠰᠢᠶᠠᠩ ᠪᠠᠯᠭᠠᠰᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠡᠪᠲᠡᠷᠡᠯᠴᠡᠨ

ᠵᠣᠯᠭᠠᠭᠤᠯᠬᠤ ᠪᠠᠨ ᠴᠢᠩᠭᠠᠳᠬᠠᠵᠤ᠂ ᠬᠠᠷᠢᠯᠴᠠᠨ ᠵᠣᠬᠢᠴᠠᠯᠳᠤᠨ ᠬᠠᠮᠵᠢᠯᠴᠠᠵᠤ᠂ ᠬᠢᠨᠠᠨ ᠬᠠᠮᠢᠶᠠᠷᠬᠤ ᠨᠢᠭᠡᠴᠡ

ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠲᠥᠷᠥᠯ ᠵᠦᠢᠯ ᠤᠨ ᠶᠠᠰᠤ ᠴᠢᠨᠠᠷ ᠪᠠ ᠠᠬᠢᠴᠠ ᠶᠢᠨ ᠪᠣᠭᠤᠮᠲᠠ ᠶᠢ

ᠴᠢᠩᠭ᠎ᠠ ᠠᠳᠬᠤᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠥᠨᠳᠥᠷ

ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢ ᠪᠥᠬᠦ

ᠲᠠᠯ᠎ᠠ ᠪᠠᠷ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠲᠣᠭᠲᠠᠴᠠ ᠶᠢ ᠲᠡᠭᠦᠯᠳᠡᠷᠵᠢᠭᠦᠯᠬᠦ᠂ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ

ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃

     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ

ᠬᠠᠮᠢᠶ᠎ᠠ ᠪᠥᠬᠦᠶ ᠬᠠᠷᠢᠭᠤᠴᠠᠯᠭᠠᠲᠠᠨ᠂ ᠵᠢᠷᠤᠵᠤ ᠲᠥᠯᠥᠪᠯᠡᠬᠦ ᠲᠠᠯ᠎ᠠ᠂ ᠬᠢᠨᠠᠨ ᠬᠠᠮᠢᠶᠠᠷᠬᠤ ᠲᠠᠯ᠎ᠠ᠂ ᠡᠯ᠎ᠡ

ᠳᠠᠭᠠᠭᠠᠴᠢᠯᠠᠯᠲᠠ ᠣᠯᠤᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠮᠥᠷᠳᠡᠨ ᠬᠢᠨᠠᠨ ᠪᠤᠳᠤᠬᠤ ᠲᠠᠯ᠎ᠠ ᠶᠢᠨ

ᠬᠠᠷᠢᠭᠤᠴᠠᠯᠭᠠᠲᠠᠨ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠥᠬᠦᠶ ᠬᠤᠪᠢᠳᠠᠨ ᠬᠠᠮᠢᠶᠠᠷᠬᠤ

ᠤᠳᠤᠷᠢᠳᠤᠯᠭ᠎ᠠ᠂ ᠬᠠᠮᠢᠶ᠎ᠠ ᠪᠥᠬᠦᠶ ᠲᠣᠰᠬᠤᠨ ᠤ ᠵᠥᠪᠯᠡᠯ ᠤᠨ ᠬᠠᠷᠢᠭᠤᠴᠠᠯᠭᠠᠲᠠᠨ᠂ 24 ᠣᠨ ᠳᠤ ᠲᠥᠷᠥᠯ

ᠵᠦᠢᠯ ᠢ ᠬᠡᠷᠡᠭᠵᠢᠭᠦᠯᠦᠭᠰᠡᠨ ᠭᠠᠵᠠᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃

 

        ᠰᠤᠷᠪᠤᠯᠵᠢᠯᠠᠭᠴᠢ᠄ ᠵᠠᠩ ᠵᠢᠤᠸᠠᠨ   ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号