ᠭᠤᠤ ᠰᠧᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 13 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/9
              4 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 13 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ

ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠬᠤᠰᠢᠭᠤᠨ ᠤ

ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠭᠤᠤᠯᠳᠠᠯᠭ᠎ᠠ᠂ ᠬᠤᠰᠢᠭᠤᠨ ᠤ ᠨᠠᠮ ᠤᠨ

ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ

ᠪᠣᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 2024 ᠣᠨ ᠤ

ᠵᠥᠪᠯᠡᠬᠦ ᠠᠵᠢᠯ ᠤᠨ ᠲᠥᠯᠥᠪᠯᠡᠭᠡ ᠶᠢ ᠬᠢᠨᠠᠨ ᠵᠥᠪᠯᠡᠪᠡ᠃

      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠨᠨᠴᠠᠯᠠᠬᠤ

ᠠᠵᠢᠯ ᠤᠨ ᠭᠤᠣᠯ ᠰᠢᠵᠢᠮ ᠢ ᠢᠮᠠᠭᠲᠠ ᠲᠣᠭᠤᠰᠢᠯᠠᠭᠤᠯᠵᠦ᠂ ᠬᠠᠷᠠᠯᠲᠠ ᠶᠢᠨ ᠤᠳᠤᠷᠢᠳᠤᠮᠵᠢ ᠶᠢ ᠴᠢᠩᠭᠠᠳᠬᠠᠵᠤ᠂

ᠰᠡᠳᠬᠢᠴᠡ ᠠᠷᠭ᠎ᠠ ᠶᠢᠨ ᠰᠢᠨ᠎ᠡ ᠶᠢ ᠡᠭᠦᠳᠴᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ

ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠠᠵᠢᠯ ᠤᠨ

ᠲᠤᠬᠢᠷᠠᠭᠤᠯᠤᠯᠳᠠ ᠶᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠪᠦᠬᠦ

ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ

ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂

ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠴᠠᠭ ᠦᠶ᠎ᠡ ᠶᠢᠨ ᠭᠤᠣᠯᠳᠠᠯᠭ᠎ᠠ ᠲᠠᠢ ᠠᠵᠢᠯ ᠢ ᠠᠳᠬᠤᠬᠤ ᠬᠡᠷᠡᠭᠲᠡᠢ᠃

ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠷᠲᠡ ᠠᠴᠠ

ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠬᠥᠳᠡᠯᠦᠯᠴᠡᠵᠦ᠂ ᠬᠠᠪᠤᠷ ᠤᠨ ᠤᠯᠠᠷᠢᠯ ᠤᠨ

ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠮᠬᠢ

ᠵᠢᠷᠤᠮ ᠲᠠᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠯᠵᠢᠶᠠᠴᠢᠨ

ᠤᠷᠢᠵᠤ ᠪᠡᠯᠡ ᠣᠷᠣᠭᠤᠯᠬᠤ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠦᠢᠯᠡᠴᠢᠯᠡᠬᠦ ᠤᠬᠠᠮᠰᠠᠷ ᠪᠣᠯᠤᠨ

ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ

ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ᠪᠦᠬᠦ

ᠬᠦᠴᠦᠨ ᠢᠶᠠᠷ ᠢᠶᠠᠨ ᠪᠦᠬᠦ ᠵᠢᠯ ᠤᠨ ᠠᠵᠢᠯ ᠳᠤ ᠰᠠᠶᠢᠨ ᠡᠬᠢᠯᠡᠯᠲᠡ ᠲᠠᠢ᠂ ᠰᠠᠶᠢᠨ ᠰᠠᠭᠤᠷᠢ ᠶᠢ ᠲᠠᠯᠪᠢᠬᠤ ᠬᠡᠷᠡᠭᠲᠡᠢ

ᠭᠡᠵᠦ ᠵᠢᠭᠠᠵᠤ ᠭᠠᠷᠭᠠᠪᠠ᠃

      ᠶᠠᠩ ᠯᠢ ᠮᠧᠶ᠂ ᠯᠢ ᠶᠢᠨ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠬᠢᠨ ᠬᠡᠷ ᠲᠡᠭᠡᠨ ᠤᠳᠤᠷᠢᠳᠴᠤ᠂

ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ

ᠲᠣᠭᠤᠷᠢᠭ︶ ᠶᠢᠨ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ

ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

          ᠰᠤᠷᠪᠤᠯᠵᠢᠯᠠᠭᠴᠢ᠄ ᠵᠠᠩ ᠰᠢᠶᠤᠤ ᠳ᠋ᠦᠩ      ᠱᠠᠨ ᠮᠢᠶᠣᠣ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号