ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠪᠦᠬᠦᠨ ᠢᠶᠠᠷ ᠢᠶᠠᠨ ᠪᠠᠷᠢᠯᠭ᠎ᠠ ᠡᠬᠢᠯᠡᠭᠦᠯᠪᠡ
ᠨᠡᠶᠢᠲᠡᠯᠡᠭᠰᠡᠨ ᠴᠠᠭ᠄
2024/4/9
                   4 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠵᠢᠩᠬᠢᠨᠢ ᠪᠠᠷ ᠪᠠᠷᠢᠯᠭ᠎ᠠ ᠡᠬᠢᠯᠡᠪᠡ᠃

     ᠵᠡᠭᠡᠷᠡᠲᠦ ᠬᠤᠳᠡ ᠪᠠᠯᠭᠠᠰᠦ ᠶᠢᠨ ᠶᠡᠭᠡ ᠬᠤᠣᠳᠤᠭ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠮᠠᠰᠢᠨ ᠮᠧᠬᠠᠨᠢᠭ᠂

ᠲᠡᠭᠡᠭᠡᠪᠦᠷᠢ ᠶᠢᠨ ᠲᠡᠷᠭᠡ ᠬᠥᠰᠬᠡ ᠶᠢ ᠲᠡᠷᠢ ᠲᠡᠭᠰᠢ ᠵᠣᠭᠰᠣᠭᠠᠵᠤ᠂ ᠪᠠᠷᠢᠯᠭ᠎ᠠ ᠶᠢᠨ ᠠᠵᠢᠯ ᠳᠤ ᠣᠷᠣᠯᠴᠠᠭᠰᠠᠳ

ᠴᠤᠭ ᠵᠢᠪᠬᠤᠭ᠎ᠠ ᠪᠢᠯᠬᠠᠵᠤ᠂ ᠡᠷᠴᠢ ᠵᠣᠷᠢᠭ ᠲᠡᠭᠦᠯᠳᠡᠷ ᠪᠠᠶᠢᠨ᠎ᠠ᠃ ᠲᠦᠷᠦᠯ ᠵᠦᠢᠯ ᠨᠢ ᠲᠠᠷᠢᠶᠠᠨ ᠭᠠᠵᠠᠷ ᠤᠨ ᠵᠠᠮ᠂

ᠤᠰᠤᠯᠠᠯᠲᠠ ᠪᠠ ᠤᠰᠤ ᠵᠠᠯᠠᠬᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠣᠷᠴᠢᠨ

ᠲᠣᠭᠤᠷᠢᠨ ᠢ ᠬᠠᠮᠠᠭᠠᠯᠠᠬᠤ᠂ ᠲᠠᠷᠢᠶᠠᠨ ᠭᠠᠵᠠᠷ ᠤᠨ ᠴᠠᠬᠢᠯᠭᠠᠨ ᠳᠠᠮᠵᠢᠭᠤᠯᠬᠤ ᠢᠨᠵᠧᠨᠧᠷᠢᠩ ᠵᠡᠷᠭᠡ ᠤᠯᠠᠨ

ᠲᠦᠷᠦᠯ ᠤᠨ ᠢᠨᠵᠧᠨᠧᠷᠢᠩ ᠢ ᠬᠠᠮᠤᠷᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ

ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ

ᠪᠠᠶᠢᠭᠤᠯᠤᠯᠲᠠ ᠶᠢ ᠳᠡᠭᠡᠭᠰᠢᠯᠡᠭᠦᠯᠵᠦ᠂ ᠭᠠᠮᠰᠢᠭ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠤᠨᠢᠨ ᠳᠡᠭᠡᠷ᠎ᠡ ᠨᠢ

ᠪᠤᠷᠳᠤᠭᠤᠷ ᠣᠷᠣᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠥᠨ᠎ᠡ᠃

     ᠣᠳᠣᠬᠠᠨ ᠳᠤ᠂ ᠮᠠᠨ ᠤ ᠬᠤᠰᠢᠭᠤᠨ ᠤ ᠬᠡᠷᠡᠭᠵᠢᠭᠦᠯᠵᠦ ᠪᠠᠶᠢᠭ᠎ᠠ 2 ᠲᠦᠮᠡᠨ ᠮᠥ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠵᠦ᠂

ᠲᠥᠷᠥᠯ ᠵᠦᠢᠯ ᠨᠢ ᠨᠡᠶᠢᠲᠡ 7 ᠰᠤᠮᠤ ᠰᠢᠶᠠᠩ ᠪᠠᠯᠭᠠᠰᠤ ᠶᠢᠨ 25 ᠵᠠᠰᠠᠭ ᠵᠠᠬᠢᠷᠭᠠᠨ ᠤ ᠲᠣᠰᠬᠤᠨ ᠳᠤ

ᠬᠤᠯᠪᠣᠭᠳᠠᠨ᠎ᠠ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠤᠯᠠᠨ ᠤ ᠬᠦᠴᠦᠨ ᠢ ᠨᠢᠭᠲᠠᠷᠠᠭᠤᠯᠵᠤ᠂ ᠤᠯᠠᠨ

ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ

ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ

ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ

ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠵᠦ᠂ ᠠᠮᠤ ᠪᠤᠳᠠᠭ᠎ᠠ ᠲᠠᠷᠢᠶᠠᠨ ᠭᠠᠵᠠᠷ ᠢ ᠦᠨᠡᠨᠬᠦ ︽ᠰᠠᠶᠢᠨ ᠲᠠᠷᠢᠶᠠᠨ

ᠭᠠᠵᠠᠷ︾ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂

ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠪᠦᠬᠦ ᠬᠦᠴᠦᠨ ᠢᠶᠠᠨ ᠨᠡᠮᠡᠷᠢᠯᠡᠨ᠎ᠡ᠃

        ᠰᠤᠷᠪᠤᠯᠵᠢᠯᠠᠭᠴᠢ᠄ ᠵᠠᠩ ᠵᠢᠤᠸᠠᠨ    ᠭᠤᠤ ᠸᠧᠶ    

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号