ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/5/10
               ︽5.1︾ ᠤ ᠬᠤᠭᠤᠴᠠᠭᠠᠨ ᠳᠤ᠂ ᠬᠦᠢᠲᠡᠨᠰᠢᠯᠢ ᠲᠠᠯ᠎ᠠ ᠨᠤᠲᠤᠭ ᠤᠨ ᠬᠤᠩᠬᠤᠷ ᠤᠨ ᠭᠤᠤ ᠶᠢᠨ ᠦᠵᠡᠮᠵᠢ ᠶᠢᠨ ᠣᠷᠣᠨ ᠵᠢᠭᠤᠯᠴᠢᠯᠠᠯ ᠤᠨ ᠥᠷᠨᠢᠯᠲᠡ ᠶᠢ ᠤᠭᠲᠤᠨ ᠠᠪᠴᠢᠷᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠳᠡᠨᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ

ᠭᠤᠤ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠥᠮᠦᠨ ᠬᠠᠷ᠎ᠠ ᠬᠤᠷᠠᠨ ᠴᠤᠭᠯᠠᠷᠠᠵᠤ᠂ ᠦᠵᠡᠮᠵᠢ ᠶᠢᠨ

ᠣᠷᠣᠨ ᠤ ᠡᠷᠭᠢᠨ ᠲᠣᠭᠤᠷᠢᠨ ᠤ ᠠᠷᠠᠳ ᠤᠨ ᠣᠷᠣᠨ ᠰᠠᠭᠤᠴᠠ᠂ ᠢᠳᠡᠭᠡᠨ ᠤᠮᠳᠠᠭᠠᠨ ᠤ ᠳᠡᠯᠭᠡᠭᠦᠷ ᠴᠤ

ᠠᠷᠠᠯᠵᠢᠶ᠎ᠠ ᠬᠥᠭᠵᠢᠶᠡᠨ ᠲᠠᠢ ᠪᠠᠶᠢᠳᠠᠯ ᠢᠯᠡᠷᠡᠪᠡ᠃ ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ᠂ ᠪᠠᠶᠠᠯᠢᠭ

ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠵᠤᠭᠠᠴᠠᠭᠰᠠᠳ ᠲᠤ ᠥᠪᠡᠷᠮᠢᠴᠡ ᠵᠢᠭᠤᠯᠴᠢᠯᠠᠯ ᠤᠨ

ᠲᠤᠷᠰᠢᠯᠲᠠ ᠬᠠᠩᠭᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠳᠡᠨᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ

ᠭᠤᠤ ᠶᠢᠨ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠯᠲᠡᠰ ᠤᠨ ᠳᠠᠷᠤᠭ᠎ᠠ ᠫᠠᠩ

ᠭᠦᠸᠧ ᠴᠧᠩ᠄ ︽ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠤ ᠵᠢᠭᠤᠯᠴᠢᠯᠠᠯ ᠤᠨ ᠪᠠᠭ᠎ᠠ ᠤᠷᠭᠢᠯ ᠢ

ᠠᠷᠭᠠᠴᠠᠬᠤ ᠶᠢᠨ ᠲᠥᠯᠥᠭᠡ᠂ ᠬᠦᠢᠲᠡᠨᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ ᠦᠵᠡᠮᠵᠢ ᠶᠢᠨ ᠣᠷᠣᠨ ᠠᠯᠢ

ᠣᠯᠠᠨ ᠪᠡᠯᠡᠳᠬᠡᠯ ᠠᠵᠢᠯ ᠬᠢᠵᠦ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ

ᠪᠠᠶᠢᠭᠤᠯᠤᠯᠲᠠ ᠶᠢ ᠴᠢᠩᠭᠠᠳᠬᠠᠵᠤ᠂ ᠵᠤᠭᠠᠴᠠᠭᠰᠠᠳ ᠤᠨ ᠵᠤᠭᠠᠴᠠᠨ ᠲᠣᠭᠤᠷᠢᠬᠤ ᠣᠶᠢᠯᠠᠭᠠᠯᠲᠠ ᠶᠢ ᠨᠠᠩ

ᠲᠠᠭᠠᠯᠠᠮᠵᠢᠲᠠᠢ ᠪᠥᠭᠡᠳ ᠳᠥᠭᠦᠮ ᠳᠥᠲᠡ ᠪᠣᠯᠭᠠᠬᠤ ᠶᠢ ᠪᠠᠲᠤᠯᠠᠪᠠ᠃ ᠦᠵᠡᠮᠵᠢ ᠶᠢᠨ ᠣᠷᠣᠨ ᠤ ᠦᠢᠯᠡᠴᠢᠯᠡᠭᠡᠨ ᠤ

ᠠᠵᠢᠯᠲᠠᠨ ᠤ ᠲᠤᠭ᠎ᠠ ᠶᠢ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠵᠤᠭᠠᠴᠠᠭᠰᠠᠳ ᠲᠤ

ᠬᠠᠶᠢᠷ᠎ᠠ ᠬᠠᠯᠠᠮᠵᠢ ᠬᠦᠷᠳᠡᠭᠡᠬᠦ ᠶᠢ ᠪᠠᠲᠤᠯᠠᠵᠤ᠂ 2024 ᠣᠨ ᠤ ᠵᠤᠭᠠᠴᠠᠯ ᠤᠨ ᠪᠠᠭ᠎ᠠ ᠣᠷᠭᠢᠯ ᠨᠡᠶᠢᠲᠡ 5700

ᠬᠥᠮᠦᠨ ᠤᠳᠠᠭ᠎ᠠ ᠭᠥᠯᠢᠶᠡᠨ ᠠᠪᠴᠤ᠂ 75 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ  ᠶᠢ  

ᠪᠡᠶᠡᠯᠡᠭᠦᠯᠪᠡ᠃

      ᠡᠨᠡ ᠵᠢᠯ ᠤᠨ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ

ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ

ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂

ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠶ ᠠᠭᠤᠳᠠᠯᠵᠤ᠂ ᠰᠣᠶᠣᠯ ᠤᠨ ᠡᠭᠦᠳᠦᠯᠲᠡ ᠶᠢᠨ

ᠪᠦᠲᠦᠭᠡᠭᠳᠡᠬᠦᠨ ᠢ ᠡᠭᠦᠳᠴᠦ᠂ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂

ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠤᠶᠤᠨᠴᠢᠯᠠᠭᠰᠠᠨ ᠬᠥᠭᠵᠢᠯᠲᠡ ᠶᠢ ᠠᠬᠢᠭᠤᠯᠪᠠ᠃

ᠰᠡᠯᠡᠭᠦᠴᠡᠯ ᠠᠮᠠᠷᠠᠯᠲᠠ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢᠶᠠᠷ ᠲᠦᠰᠢᠭ ᠪᠣᠯᠭᠠᠭᠰᠠᠨ ᠡᠷᠡᠭᠦᠯᠵᠢᠯ

ᠰᠤᠪᠢᠯᠠᠯᠲᠠ ᠶᠢᠨ ᠵᠤᠰᠠᠯᠠᠩ ᠤᠨ ᠦᠵᠡᠮᠵᠢᠲᠦ ᠣᠷᠣᠨ ᠢ ᠪᠠᠶᠢᠭᠤᠯᠤᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ

ᠦᠷᠭᠦᠯᠵᠢᠯᠡᠨ ᠬᠥᠭᠵᠢᠬᠦ ᠶᠢ ᠳᠠᠭᠠᠯᠳᠤᠨ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠦᠢ ᠣᠯᠠᠨ

ᠵᠢᠭᠤᠯᠴᠢᠯᠬᠠᠰᠠᠳ ᠤᠨ ᠠᠩᠬᠠᠷᠣᠯ ᠢ ᠲᠠᠲᠠᠵᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢ ᠪᠠᠶᠠᠷ ᠬᠥᠷ ᠲᠠᠢ  

ᠦᠩᠭᠡᠷᠡᠬᠦᠯᠪᠡ᠃

        ᠰᠤᠷᠪᠤᠯᠵᠢᠯᠠᠭᠴᠢ᠄ ᠵᠠᠩ ᠵᠢᠤᠸᠠᠨ      ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号