| 5 ᠰᠠᠷ᠎ᠠ ᠶᠢᠨ 11 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ | ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠠᠩ ᠯᠢ ᠮᠧᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | | | | | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠪᠡ᠃ | ᠬᠤᠷᠠᠯ ᠠᠴᠠ᠂ ︽ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ︾ ᠤᠬᠠᠮᠰᠠᠷ ᠢ ᠪᠠᠲᠤ ᠪᠤᠢ ᠪᠣᠯᠭᠠᠵᠤ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠢᠮᠠᠭᠲᠠ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠪᠣᠯᠭᠠᠵᠤ᠂ ᠭᠠᠷ ᠲᠠᠭᠠᠨ | ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠵᠥᠷᠢᠶ᠎ᠡ ᠪᠠᠨ ᠣᠨᠣᠪᠴᠢᠲᠠᠶ ᠡᠷᠢᠵᠦ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠭᠤᠨ ᠪᠥᠭᠡᠳ ᠡᠵᠡᠮᠳᠡᠵᠦ | ᠪᠣᠯᠬᠤ ᠶᠢ ᠪᠠᠲᠤᠯᠠᠬᠤ ᠬᠡᠷᠡᠭᠲᠡᠶ᠃ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ︽ᠨᠢᠭᠡ ᠠᠰᠠᠭᠤᠳᠠᠯ᠂ ᠨᠢᠭᠡ ᠤᠳᠤᠷᠢᠳᠤᠯᠭ᠎ᠠ᠂ ᠨᠢᠭᠡ ᠪᠠᠭ᠂ ᠨᠢᠭᠡ ᠲᠥᠰᠦᠯ᠂ ᠡᠴᠦᠰ ᠲᠤᠨᠢ | ᠲᠤᠯᠲᠠᠯ᠎ᠠ ᠠᠳᠬᠤᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠴᠢᠬᠤᠯᠠ ᠶᠡᠭᠡ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠷᠡᠮᠡᠬᠡᠶᠢᠯᠡᠨ | ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠮᠠᠨ ᠤ ᠬᠤᠰᠢᠭᠤᠨ ᠤ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ | ᠬᠠᠮᠠᠭᠠᠯᠠᠵᠤ᠂ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ | ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠰᠢᠭᠤᠨ ᠤ ᠤᠳᠤᠷᠢᠳᠤᠯᠭ᠎ᠠ ᠸᠠᠩ ᠶᠠᠩ᠂ ᠫᠠᠨ ᠸᠧᠶ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ | ᠲᠣᠭᠤᠷᠢᠭ︶᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | | ᠰᠤᠷᠪᠤᠯᠵᠢᠯᠠᠭᠴᠢ᠄ ᠬᠤᠤ ᠯᠢ ᠰᠢᠨ | ᠣᠷᠴᠢᠭᠤᠯᠣᠨᠨᠴᠢ᠄ ᠭᠧ ᠲᠣᠸᠠᠨ ᠯᠢᠶᠡᠨ | | |