ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠨᠠᠶᠢᠳᠠᠪᠤᠷᠢᠵᠢᠭᠤᠯᠵᠤ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠠᠮᠢ ᠠᠬᠤᠶ ᠶᠢᠨ ᠰᠢᠯᠭᠠᠯᠲᠠ ᠶᠢᠨ ᠬᠠᠭᠤᠳᠠᠰᠤ ᠶᠢ ᠬᠠᠮᠲᠤᠪᠠᠷ ᠵᠢᠷᠣᠨᠨᠯᠠᠨ᠎ᠠ
ᠨᠡᠶᠢᠲᠡᠯᠡᠭᠰᠡᠨ ᠴᠠᠭ᠄
2024/5/15
         ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠤᠯᠤᠰ ᠲᠦᠷᠦ ᠶᠢᠨ ᠬᠠᠷᠢᠭᠤᠴᠠᠯᠭ᠎ᠠ ᠪᠠ ᠲᠡᠦᠬᠡᠲᠦ ᠡᠭᠦᠷᠭᠡ ᠶᠢ ᠡᠷᠡᠰ ᠡᠭᠦᠷᠭᠡᠯᠡᠵᠦ᠂ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ ᠤᠮᠠᠷᠠᠲᠤ ᠶᠢᠨ ᠪᠣᠬᠢᠷᠲᠤᠯ ᠦᠭᠡᠢ ᠤᠷᠳᠤ ᠴᠠᠭᠠᠨ ᠬᠡᠷᠡᠮ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠪᠠᠶᠢᠭᠤᠯᠤᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸᠠᠩ ᠢ ᠯᠦᠩ ᠪᠠᠯᠭᠠᠰᠤᠨ ᠤ ᠡᠯᠡᠰᠦ ᠶᠢ

ᠰᠡᠷᠭᠡᠶᠢᠯᠡᠵᠦ ᠡᠯᠡᠰᠦ ᠶᠢ ᠵᠠᠰᠠᠬᠤ ᠣᠷᠣᠨ ᠳᠤ ᠬᠦᠷᠬᠦ ᠳᠤ᠂ ᠬᠤᠯᠠ ᠠᠴᠠ ᠬᠠᠷᠠᠬᠤ ᠳᠤ᠂ ᠮᠠᠯᠲᠠᠭᠤᠷ ᠮᠠᠰᠢᠨ ᠤ

ᠭᠠᠵᠠᠷ ᠲᠡᠭᠰᠢᠯᠡᠨ ᠤᠷᠪᠠᠭᠤᠯᠬᠤ ᠠᠵᠢᠯ ᠢᠶᠠᠷ ᠳᠡᠮᠵᠢᠨ᠂ ᠵᠢᠵᠢᠭ ᠰᠢᠷᠣᠶ ᠶᠢᠨ ᠨᠦᠬᠡ ᠠᠭᠤᠯᠠᠨ ᠭᠠᠵᠠᠷ ᠲᠤ ᠲᠡᠷᠢ

ᠲᠡᠭᠰᠢ ᠵᠢᠭᠰᠠᠵᠤ᠂ 59 ᠠᠵᠢᠯᠴᠢᠨ ᠠᠵᠢᠯ ᠢᠶᠠᠨ ᠬᠤᠪᠢᠶᠠᠷᠢᠯᠠᠨ ᠬᠠᠷᠢᠯᠴᠠᠨ ᠬᠠᠮᠵᠢᠯᠴᠠᠨ ᠬᠠᠷᠭᠠᠨ᠎ᠠ ᠶᠢᠨ ᠦᠷ᠎ᠡ

ᠳᠠᠷᠢᠵᠤ ᠪᠠᠶᠢᠯ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᡁᠢ ᠭᠦᠸᠧ ᠴᠡᠴᠡᠷᠯᠢᠭ ᠤᠨ ᠨᠣᠭᠤᠭᠠᠷᠠᠭᠤᠯᠤᠯᠲᠠ ᠶᠢᠨ

ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠦᠩ ᡁᠢ ᠭᠦᠸᠧ᠄ ︽ 3000 ᠮᠥ ᠬᠠᠷᠭᠠᠨ᠎ᠠ

ᠲᠠᠷᠢᠬᠤ ᠲᠦᠯᠥᠪᠯᠡᠭᠡ ᠲᠠᠢ᠂ ᠬᠠᠷᠭᠠᠨ᠎ᠠ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ

ᠦᠢᠯᠡᠳᠦᠯ ᠢᠶᠠᠷ ᠮᠠᠰᠢ ᠴᠢᠩᠭ᠎ᠠ ᠪᠠᠶᠢᠳᠠᠭ᠂ ᠪᠢᠳᠡ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠠᠭᠪᠤᠷ ᠢ

ᠬᠡᠷᠡᠭᠯᠡᠵᠦ᠂ ᠵᠠᠰᠠᠯᠲᠠ ᠶᠢᠨ ᠦᠷ᠎ᠡ ᠪᠦᠲᠦᠮᠵᠢ᠂ ᠮᠠᠯᠴᠢᠨ ᠲᠠᠷᠢᠶᠠᠴᠢᠨ ᠤ ᠬᠠᠨᠤᠮᠵᠢ ᠶᠢᠨ ᠬᠡᠮᠵᠢᠶ᠎ᠡ ᠴᠥᠮ ᠮᠠᠰᠢ

ᠥᠨᠳᠥᠷ ᠪᠠᠶᠢᠵᠤ᠂ ᠬᠥᠮᠦᠨ ᠪᠦᠬᠦᠨ ᠨᠤᠲᠤᠭ ᠪᠡᠯᠴᠢᠭᠡᠷ ᠢ ᠪᠥᠲᠥᠭᠡᠨ ᠪᠠᠶᠢᠭᠤᠯᠬᠤ᠂ ᠨᠤᠲᠤᠭ ᠪᠡᠯᠴᠢᠭᠡᠷ ᠢ

ᠬᠠᠮᠠᠭᠠᠯᠠᠬᠤ᠂ ᠠᠮᠢ ᠠᠬᠤᠶ ᠶᠢ ᠬᠠᠮᠠᠭᠠᠯᠠᠬᠤ ᠠᠵᠢᠯ ᠢ ᠦᠨᠡᠨ ᠬᠦ ᠪᠠᠳᠠᠷᠠᠭᠤᠯᠤᠨ᠎ᠠ︾ ᠭᠡᠪᠡ᠃

     ᠨᠤᠲᠤᠭ ᠪᠡᠯᠴᠢᠭᠡᠷ ᠢ ᠨᠣᠭᠤᠭᠠᠷᠠᠭᠤᠯᠵᠤ᠂ ᠠᠮᠢ ᠠᠬᠤᠶ ᠶᠢ ᠪᠠᠬᠢᠵᠢᠭᠦᠯᠬᠦ᠂ ᠣᠷᠴᠢᠨ ᠲᠣᠭᠤᠷᠢᠨ ᠤ

ᠬᠠᠮᠠᠭᠠᠯᠠᠯᠲᠠ ᠪᠠ ᠠᠮᠢ ᠠᠬᠤᠶ ᠶᠢᠨ ᠦᠷ᠎ᠡ ᠠᠰᠢᠭ ᠢ ᠬᠤᠪᠢᠷᠠᠭᠤᠯᠬᠤ ᠬᠤᠭᠤᠷᠣᠨᠳᠣᠬᠢ ᠬᠦᠴᠢᠷ ᠠᠰᠠᠭᠤᠳᠠᠯ ᠢ

ᠰᠢᠢᠳᠪᠦᠷᠢᠯᠡᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠭᠠᠩ ᠬᠠᠭᠤᠷᠠᠶ ᠪᠣᠷᠣᠭᠠᠨ ᠪᠠᠭ᠎ᠠ᠂

ᠰᠠᠯᠬᠢ ᠰᠢᠭᠤᠷᠭᠠᠨ ᠶᠡᠭᠡ ᠬᠡᠪᠡᠷᠡᠭ ᠣᠷᠴᠢᠨ ᠲᠣᠭᠤᠷᠢᠨ ᠳᠤ ᠰᠠᠭᠤᠷᠢᠯᠡᠨ᠂ ᠬᠠᠷᠭᠠᠨ᠎ᠠ ᠶᠢᠨ ᠵᠤᠬᠢᠴᠠᠬᠤ

ᠴᠢᠨᠠᠷ ᠢᠶᠠᠷ ᠴᠢᠩᠭ᠎ᠠ᠂ ᠤᠰᠤ ᠬᠤᠷᠤᠭᠠᠬᠤ ᠬᠡᠮᠵᠢᠶ᠎ᠡ ᠪᠠᠭ᠎ᠠ᠂ ᠰᠠᠯᠬᠢ ᠶᠢ ᠬᠠᠯᠬᠠᠯᠠᠨ ᠡᠯᠡᠰᠦ ᠶᠢ

ᠲᠣᠭᠲᠠᠪᠤᠷᠢᠵᠢᠭᠤᠯᠬᠤ ᠪᠠ ᠢᠳᠡᠬᠦ ᠳᠤ ᠳᠠᠭᠠᠭᠠᠴᠠᠳᠠᠢ᠂ ᠬᠢᠰᠭᠢᠬᠦ ᠳᠤ ᠳᠠᠭᠠᠭᠠᠴᠠᠳᠠᠢ᠂ ᠰᠢᠮ᠎ᠡ ᠲᠡᠵᠢᠭᠡᠯ ᠤᠨ ᠦᠨ᠎ᠡ

ᠦᠷᠳᠡᠭ ᠦᠨᠳᠣᠷ ᠵᠡᠷᠭᠡ ᠣᠨᠴᠠᠯᠢᠭ ᠢ ᠠᠰᠢᠭᠯᠠᠨ᠂ 2017 ᠣᠨ ᠠᠴᠠ ᠡᠬᠢᠯᠡᠨ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠡᠬᠢᠯᠡᠭᠦᠯᠵᠦ᠂ 7 ᠵᠢᠯ ᠦᠷᠭᠦᠯᠵᠢᠯᠡᠨ

ᠵᠠᠰᠠᠵᠤ᠂ ᠡᠯᠡᠰᠦ ᠶᠢ ᠰᠡᠷᠭᠡᠶᠢᠯᠡᠵᠦ ᠵᠠᠰᠠᠬᠤ ᠢᠨᠵᠧᠨᠧᠷᠢᠩ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ

ᠵᠠᠰᠠᠬᠤ ᠵᠡᠷᠭᠡ ᠲᠥᠷᠥᠯ ᠵᠦᠢᠯ ᠳᠤ ᠲᠦᠰᠢᠭᠯᠡᠨ᠂ ᠡᠯᠡᠰᠦ ᠶᠢ ᠰᠡᠷᠭᠡᠶᠢᠯᠡᠵᠦ ᠵᠠᠰᠠᠬᠤ ᠡᠷᠴᠢᠮ  ᠢᠶᠠᠨ  

ᠴᠢᠩᠭᠠᠷᠠᠭᠤᠯᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠ ᠢᠨᠵᠧᠨᠧᠷᠢᠩ ᠢ

ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢᠨ ᠵᠢᠮ᠎ᠡ

ᠶᠣᠰᠣ ᠶᠢ ᠵᠢᠷᠤᠮᠯᠠᠵᠤ᠂ ᠣᠶᠢᠵᠢᠭᠤᠯᠬᠤ ᠳᠤ ᠳᠣᠭᠢᠷᠠᠪᠠᠯ ᠣᠶᠢᠵᠢᠭᠤᠯᠵᠤ᠂ ᠡᠪᠡᠰᠦ ᠪᠡᠯᠴᠢᠭᠡᠷ ᠢ ᠰᠡᠷᠭᠦᠭᠡᠵᠦ᠂

ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠳᠠᠬᠢᠨ ᠪᠠᠶᠢᠭᠤᠯᠵᠤ᠂ ︽ᠡᠯᠡᠰᠦᠨ ᠳᠣᠲᠣᠷ᠎ᠠ ᠠᠴᠠ

ᠨᠣᠭᠤᠭᠠᠷᠠᠭᠤᠯᠣᠯᠳᠡ ᠶᠢ ᠡᠷᠢᠵᠦ︾ ᠪᠠᠶᠢᠭᠰᠠᠨ ︽ᠨᠣᠭᠤᠭᠠᠷᠠᠭᠤᠯᠣᠯᠳᠡ ᠠᠴᠠ ᠡᠯᠡᠰᠦ ᠡᠷᠢᠬᠦ︾ ᠯᠤᠲᠤ ᠶᠡᠭᠡ

ᠬᠤᠪᠢᠷᠠᠯᠲᠠ ᠶᠢ ᠪᠡᠶᠡᠯᠡᠭᠦᠯᠵᠡᠶ᠃

     2000 ᠣᠨ ᠠᠴᠠ 2023 ᠣᠨ ᠪᠣᠯᠲᠠᠯ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠢᠭᠡᠨᠲᠡ

ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ 1.211 ᠳ᠋ᠦᠩᠰᠢᠭᠤᠷ ᠲᠥᠭᠦᠷᠢᠭ ᠣᠷᠣᠭᠤᠯᠵᠤ᠂

ᠡᠯᠡᠰᠦᠨ ᠤ ᠡᠬᠢ ᠶᠢ ᠵᠠᠰᠠᠬᠤ ᠶᠡᠷᠦᠩᠬᠡᠶ ᠲᠠᠯᠠᠪᠠᠶ ᠶᠢ ᠨᠡᠶᠢᠲᠡ 170.8 ᠲᠦᠮᠡᠨ ᠮᠥ ᠪᠡᠶᠡᠯᠡᠭᠦᠯᠪᠡ᠃ 2024

ᠣᠨ ᠳᠤ᠂ ᠪᠥᠬᠦ ᠬᠤᠰᠢᠭᠤ ᠪᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ

ᠪᠠᠶᠢᠭᠤᠯᠤᠯᠲᠠ ᠶᠢ 2.6 ᠲᠦᠮᠡᠨ ᠮᠥ ᠠᠴᠠ ᠳᠡᠭᠡᠭᠰᠢ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠰᠢᠨ᠎ᠡ ᠪᠠᠷ

ᠨᠡᠮᠡᠭᠳᠡᠭᠰᠡᠨ ᠵᠠᠰᠠᠯᠲᠠ 0.9 ᠲᠦᠮᠡᠨ ᠮᠥ ᠠᠴᠠ ᠳᠡᠭᠡᠭᠰᠢ ᠪᠠᠶᠢᠵᠤ᠂ 1.7 ᠲᠦᠮᠡᠨ ᠮᠥ ᠠᠴᠠ ᠳᠡᠭᠡᠭᠰᠢ ᠦᠷ᠎ᠡ

ᠪᠦᠲᠦᠭᠡᠯ ᠭᠠᠷᠭᠠᠵᠤ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 69

% ᠶᠢ ᠳᠠᠪᠠᠭ᠋ᠤ ᠪᠣᠯᠤᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ

ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠶᠡᠬᠡᠪᠡᠷ ᠦᠢᠯᠡᠳᠦᠯᠭᠡᠵᠢᠭᠦᠯᠵᠦ᠂ ᠠᠭᠤᠯᠠ ᠤᠰᠤ ᠤᠢ

ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ

ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠴᠢᠬᠤᠯᠠ ᠭᠠᠷᠳᠠᠴᠠ ᠪᠣᠯᠭᠠᠵᠤ᠂ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠡᠬᠡ

ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ᠃

     

        ᠰᠤᠷᠪᠤᠯᠵᠢᠯᠠᠭᠴᠢ᠄ ᠵᠠᠩ ᠵᠢᠤᠸᠠᠨ    ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号