ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠨᠠᠢᠮᠠᠨ ᠲᠦᠮᠡᠨ ᠮᠥ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠪᠠᠷ ᠶᠠᠭᠠᠷᠠᠯᠳᠤᠨ᠎ᠠ
ᠨᠡᠶᠢᠲᠡᠯᠡᠭᠰᠡᠨ ᠴᠠᠭ᠄
2024/5/21
     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠲᠤᠬᠠᠶ ᠶᠢᠨ ᠭᠠᠵᠠᠷ ᠤᠨ ᠳᠠᠯᠠᠶ ᠶᠢᠨ ᠲᠦᠪᠰᠢᠨ ᠠᠴᠠ ᠡᠷᠭᠦᠭᠳᠡᠭᠰᠡᠨ ᠭᠠᠵᠠᠷ ᠵᠦᠶ ᠶᠢᠨ ᠣᠷᠴᠢᠨ ᠲᠣᠭᠤᠷᠢᠨ ᠤ ᠳᠠᠪᠠᠭᠤᠯᠢᠭ ᠢ ᠠᠰᠢᠭᠯᠠᠨ᠂ ᠬᠦᠢᠲᠡᠨ ᠰᠡᠷᠢᠭᠦᠨ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠨᠡᠭᠡᠭᠡᠨ ᠬᠥᠭᠵᠢᠭᠦᠯᠵᠦ᠂ ᠥᠰᠬᠦ ᠳᠤ ᠲᠣᠬᠢᠷᠠᠮᠵᠢᠲᠠᠶ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠪᠠ᠃ ᠣᠳᠣᠬᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 8 ᠲᠦᠮᠡᠨ ᠮᠥ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠬᠤᠭᠤᠴᠠᠭᠠᠨ ᠳᠤ ᠤᠷᠤᠭᠰᠠᠨ ᠠᠴᠠ ᠲᠠᠷᠢᠶᠠᠨ ᠭᠠᠵᠠᠷ ᠲᠤ ᠲᠠᠷᠢᠶᠠᠴᠢᠳ ᠶᠠᠭᠠᠷᠠᠵᠦ ᠡᠭᠢᠯᠡᠯ᠎ᠠ᠃

     ᠤᠰᠤᠲᠤ ᠪᠠᠯᠭᠠᠰᠤᠨ ᠤ ᠤᠯᠠᠭᠠᠨ ᠯᠤᠤᠪᠠᠩ ᠲᠠᠷᠢᠬᠤ ᠰᠠᠭᠤᠷᠢᠨ ᠭᠠᠵᠠᠷ ᠲᠤ ᠲᠠᠷᠢᠮᠠᠯ ᠤᠨ ᠡᠷᠦᠬᠡ

ᠲᠠᠷᠢᠶᠠᠯᠠᠭ᠎ᠠ ᠶᠢᠨ ᠲᠣᠬᠢᠳᠡᠢ ᠴᠠᠭ ᠢ ᠵᠠᠪᠳᠤᠨ  ᠂ ᠬᠥᠮᠦᠨ ᠤ ᠬᠦᠴᠦ ᠪᠠ ᠮᠠᠰᠢᠨ ᠢᠶᠠᠷ ᠲᠠᠷᠢᠬᠤ ᠶᠢ ᠤᠶᠠᠯᠳᠤᠭᠤᠯᠬᠤ

ᠠᠷᠭ᠎ᠠ ᠪᠠᠷ ᠤᠯᠠᠭᠠᠨ ᠯᠤᠤᠪᠠᠩ ᠳᠠᠷᠢᠬᠤ ᠪᠠᠷ ᠶᠠᠭᠠᠷᠠᠯᠳᠤᠵᠦ᠂ ᠨᠢᠭᠡ ᠮᠠᠰᠢᠨ ᠢᠶᠠᠷ ᠨᠢᠭᠡ ᠡᠳᠦᠷ 40 ᠭᠠᠷᠤᠢ ᠮᠦ

ᠲᠠᠷᠢᠵᠤ᠂ ᠤᠲᠠᠰᠤ ᠪᠤᠯᠠᠵᠤ ᠲᠠᠷᠢᠭᠰᠠᠨ ᠤᠯᠠᠭᠠᠨ ᠯᠤᠤᠪᠠᠩ ᠤᠨ ᠰᠡᠭᠦᠯᠴᠢ ᠶᠢᠨ ᠬᠤᠭᠤᠴᠠᠭᠠᠨ ᠳᠤ ᠴᠢᠬᠢ

ᠰᠡᠷᠭᠦᠭᠡᠬᠦ ᠴᠢᠬᠤᠯᠠ ᠦᠭᠡᠢ᠂ ᠪᠠᠰᠠ ᠢᠩᠭᠢᠵᠦ ᠲᠠᠷᠢᠵᠤ ᠭᠠᠷᠭᠠᠭᠰᠠᠨ ᠤᠯᠠᠭᠠᠨ ᠯᠤᠤᠪᠠᠩ  ᠵᠢᠭᠳᠡ ᠮᠥᠷᠲᠡᠭᠡᠨ

ᠶᠠᠰᠤ ᠴᠢᠨᠠᠷ ᠨᠢ ᠨᠡᠯᠢᠶᠡᠳ ᠰᠠᠶᠢᠨ  ᠪᠠᠶᠢᠳᠠᠭ᠃

ᠪᠠᠶᠠᠨ ᠰᠢᠶᠠᠩ ᠤᠨ ᠰᠢ ᠱᠦᠢ ᠴᠢᠤᠸᠠᠨ ᠲᠣᠰᠬᠤᠨ ᠤ ᠪᠸᠢ ᠪᠧᠢ ᠨᠠᠩᠭᠤᠸᠠ ᠶᠢᠨ ᠲᠠᠷᠢᠮᠠᠯ ᠤᠨ ᠰᠠᠭᠤᠷᠢᠨ

ᠭᠠᠵᠠᠷ  ᠲᠤ  ᠲᠠᠷᠢᠶᠠᠴᠢᠳ ᠴᠠᠭ ᠢ ᠠᠮᠵᠢᠨ ᠠᠵᠢᠯᠯᠠᠵᠤ᠂ ᠲᠤᠩᠭᠠᠯᠠᠭ ᠰᠠᠶᠢᠬᠠᠨ ᠠᠭᠤᠷ ᠠᠮᠢᠰᠬᠤᠯ ᠢ ᠠᠮᠵᠢᠨ ᠪᠸᠢ

ᠪᠸᠢ ᠨᠠᠩᠭᠤᠸᠠ  ᠲᠠᠷᠢᠵᠤ᠂  ᠶᠡᠭᠡᠯᠡ ᠶᠠᠭᠠᠷᠠᠯᠲᠠᠢ ᠪᠠᠶᠢᠯ᠎ᠠ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠪᠧᠢ ᠪᠧᠢ ᠨᠠᠩᠭᠤᠸᠠ ᠶᠢᠨ ᠦᠢᠯᠡᠰ ᠬᠡᠳᠦᠨ ᠵᠢᠯ ᠤᠨ  ᠭᠦᠭᠵᠢᠯᠳᠡ ᠪᠠᠷ ᠳᠠᠮᠵᠢᠭᠠᠳ᠂ ᠬᠡᠪᠴᠢᠶ᠎ᠡ ᠨᠢ ᠲᠠᠰᠤᠷᠠᠯᠲᠠ

ᠦᠭᠡᠢ ᠥᠷᠭᠡᠳᠴᠦ᠂ ᠦᠷ᠎ᠡ  ᠠᠰᠢᠭ ᠨᠢ ᠲᠠᠰᠤᠷᠠᠯᠲᠠ ᠦᠭᠡᠢ ᠲᠡᠭᠡᠭᠰᠢᠯᠡᠵᠦ᠂ ᠡᠨᠡ ᠵᠢᠯ ᠪᠧᠢ ᠪᠧᠢ ᠨᠠᠩᠭᠤᠸᠠ

ᠲᠠᠷᠢᠬᠤ ᠲᠠᠯᠠᠪᠠᠢ ᠨᠢ 2000 ᠭᠠᠷᠤᠢ ᠮᠦ ᠲᠤ ᠭᠦᠷᠦᠭᠰᠡᠨ ᠪᠠᠶᠢᠨ᠎ᠠ  ᠃

     ᠣᠶᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠦᠢᠲᠡᠨ ᠰᠡᠷᠢᠭᠦᠨ ᠠᠭᠤᠷ

ᠠᠮᠢᠰᠬᠤᠯ ᠤᠨ ᠪᠠᠶᠢᠭᠠᠯᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠬᠦᠭᠡᠷᠦᠮᠵᠢᠲᠦ ᠲᠠᠷᠢᠶᠠᠯᠠᠩ ᠢᠶᠠᠷ

ᠭᠤᠣᠯ ᠪᠣᠯᠭᠠᠭᠰᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ  ᠶᠢ  

ᠠᠬᠢᠭᠤᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠠᠭᠠᠵᠢᠮ ᠢᠶᠠᠷ ᠪᠦᠳᠦᠭᠦᠯᠢᠭ ᠬᠡᠯᠪᠡᠷᠢ ᠶᠢᠨ

ᠤᠯᠠᠮᠵᠢᠯᠠᠯᠲᠤ ᠲᠠᠷᠢᠮᠠᠯ ᠠᠴᠠ ᠪᠠᠷᠢᠮᠵᠢᠶᠠᠵᠢᠭᠤᠯᠤᠨ ᠨᠠᠷᠢᠯᠢᠭ ᠲᠠᠷᠢᠬᠤ ᠲᠡᠶᠢᠰᠢ ᠰᠢᠯᠵᠢᠭᠦᠯᠵᠦ᠂ ᠤᠯᠠᠭᠠᠨ

ᠯᠤᠤᠪᠠᠩ ᠢᠶᠠᠷ ᠭᠤᠣᠯ ᠪᠣᠯᠭᠠᠭᠰᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠠᠵᠤ ᠦᠢᠯᠡᠰ ᠢ  

ᠬᠥᠭᠵᠢᠭᠦᠯᠵᠦ᠂ ᠲᠠᠷᠢᠶᠠᠨ ᠭᠠᠵᠠᠷ ᠢ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ

ᠴᠣᠭᠴᠠᠵᠢᠭᠤᠯᠤᠭᠰᠠᠨ ᠠᠵᠤ ᠦᠢᠯᠡᠰᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃

     ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠲᠣᠪᠴᠢᠶᠠᠨ

ᠳᠠᠷᠤᠭ᠎ᠠ ᠬᠤ᠋ ᠷᠦᠢ ᠹᠧᠩ ᠰᠣᠷᠪᠣᠯᠵᠢᠯᠬᠠᠴᠢ ᠳᠤ᠄ ︽ᠡᠨᠡ ᠵᠢᠯ ᠪᠢᠳᠡ ᠨᠡᠬᠡᠮᠡᠯ ᠪᠤᠰᠤ ᠰᠦᠯᠢᠶᠥᠦ ᠪᠦᠷᠬᠦᠪᠴᠢ ᠶᠢ

ᠣᠷᠣᠯᠠᠭᠤᠯᠵᠤ᠂ ᠣᠷᠴᠢᠨ ᠲᠣᠭᠤᠷᠢᠨ ᠢ ᠬᠠᠮᠠᠭᠠᠯᠠᠭᠰᠠᠨ ᠮᠥᠷᠲᠡᠭᠡᠨ ᠪᠠᠰᠠ ᠴᠢᠬᠢ ᠶᠢ ᠬᠠᠮᠠᠭᠠᠯᠠᠬᠤ ᠨᠣᠷᠮ᠎ᠠ ᠶᠢ

ᠳᠡᠭᠡᠭᠰᠢᠯᠡᠭᠦᠯᠵᠦ᠂ ᠤᠯᠠᠭᠠᠨ ᠯᠤᠤᠪᠠᠩ ᠢᠶᠠᠷ ᠭᠤᠤᠯ ᠪᠣᠯᠭᠠᠭᠰᠠᠨ ᠬᠦᠢᠲᠡᠨ ᠰᠡᠷᠢᠭᠦᠨ ᠢᠳᠡᠰᠢᠨ  ᠨᠣᠭᠤᠭ᠎ᠠ  

ᠳᠠᠷᠢᠵᠤ᠂ ᠰᠦᠯᠢᠶᠣᠣ ᠪᠦᠷᠬᠦᠭᠦᠯ ᠢᠶᠠᠷ ᠤᠲᠠᠰᠤ ᠪᠤᠯᠠᠬᠤ᠂ ᠨᠠᠷᠢᠯᠢᠭ ᠳᠠᠷᠢᠬᠤ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠥᠪᠡᠷᠮᠢᠴᠡ ᠣᠨᠴᠠᠯᠢᠭ ᠲᠠᠢ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠪᠠᠶᠠᠵᠢᠯ ᠤᠨ ᠵᠠᠮ ᠢ

ᠨᠡᠭᠡᠭᠡᠵᠠᠢ︾ ᠭᠡᠪᠡ᠃

         ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠣᠷᠴᠢᠭᠤᠯᠣᠨᠨᠴᠢ᠄  ᠬᠠᠶᠢᠷᠬᠠᠨ

 

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号