| 5 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠯᠢᠦ ᠴᠢ ᠨᠡᠷ ᠵᠡᠭᠡᠷᠡᠲᠦ ᠬᠤᠲᠠ ᠪᠠᠯᠭᠠᠰᠤᠨ ᠳᠤ | ᠭᠦᠨᠵᠡᠭᠡᠶᠢᠷᠡᠨ ᠵᠣᠯ ᠵᠢᠷᠭᠠᠯᠳᠣ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ | ᠢᠨᠵᠧᠨᠧᠷᠢᠩ ᠢ ᠪᠠᠶᠢᠴᠠᠭᠠᠨ ᠵᠢᠯᠣᠭᠤᠳᠪᠠ᠃ | | | | | ᠪᠠᠶᠢᠴᠠᠭᠠᠬᠤ ᠳᠤᠭᠤᠶᠢᠯᠠᠩ ᠤᠨ ᠬᠢᠨ ᠵᠠᠮ ᠵᠠᠰᠠᠬᠤ᠂ ᠬᠦᠷᠢᠶ᠎ᠡ ᠵᠠᠰᠠᠬᠤ ᠠᠬᠢᠴᠠ ᠵᠢᠴᠢ ᠪᠠᠷᠢᠯᠭ᠎ᠠ ᠶᠢᠨ | ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠨᠠᠷᠢᠨ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ | ᠠᠵᠢᠯ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ ᠳᠤᠷᠠᠳᠴᠠᠢ᠃ ᠯᠢᠦ ᠴᠢ ᠠᠴᠠ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠠᠰᠤᠵᠢᠯ ᠤᠨ ᠠᠰᠠᠷᠠᠮᠵᠢ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠶᠢ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠭᠠᠨ | ᠨᠠᠶᠢᠳᠠᠪᠤᠷᠢᠵᠢᠭᠤᠯᠬᠤ ᠬᠡᠷᠡᠭᠲᠡᠢ᠃ ᠥᠭᠡᠷᠡᠴᠢᠯᠡᠨ ᠪᠠᠶᠢᠭᠤᠯᠬᠤ ᠶᠠᠪᠤᠴᠠ ᠳᠤ ᠥᠨᠳᠥᠷ ᠪᠠᠷᠢᠮᠵᠢᠶ᠎ᠠ᠂ ᠴᠢᠩᠭ᠎ᠠ | ᠱᠠᠭᠠᠷᠳᠠᠯᠭ᠎ᠠ ᠶᠢ ᠪᠠᠷᠢᠮᠲᠠᠯᠠᠵᠤ᠂ ᠬᠠᠷᠠᠯᠲᠠ ᠡᠭᠦᠷᠭᠡ ᠪᠣᠯᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ | ᠳᠠᠭᠤᠰᠬᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠶᠢ ᠣᠯᠠᠨ ᠲᠦᠮᠡᠨ ᠤ ᠰᠡᠳᠬᠢᠯ ᠳᠤ ᠦᠨᠡᠨᠬᠦ ᠬᠦᠷᠦᠭᠦᠯᠬᠦ ᠶᠢ ᠪᠡᠶᠡᠯᠡᠬᠦᠯᠬᠦ ᠬᠡᠷᠡᠭᠳᠡᠢ ᠭᠡᠵᠦ | ᠵᠢᠭᠠᠵᠦ ᠭᠠᠷᠭᠠᠪᠠ᠃ | | | ᠵᠣᠬᠢᠶ᠋ᠬᠠᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |