ᠬᠦᠷᠢᠶ᠎ᠡ ᠰᠤᠮᠤᠨ ᠤ ᠠᠷᠠᠳ ᠤᠨ ᠲᠥᠯᠥᠭᠡᠯᠡᠭᠴᠢ ᠣᠯᠠᠨ ᠲᠦᠮᠡᠨ ᠲᠠᠢ ᠬᠠᠷᠢᠯᠴᠠᠵᠦ ᠠᠷᠠᠳ ᠤᠨ ᠪᠠᠶᠢᠳᠠᠯ ᠢ ᠣᠶᠢᠯᠠᠭᠠᠵᠤ ᠠᠷᠠᠳ ᠤᠨ ᠵᠣᠪᠠᠨᠢᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/5/24
                ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠦᠷᠢᠶ᠎ᠡ ᠰᠤᠮᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠭᠠᠴᠠᠭ᠎ᠠ ᠳᠤ ᠭᠦᠨᠵᠡᠭᠡᠶᠢᠷᠡᠨ ᠠᠷᠠᠳ ᠤᠨ ᠪᠠᠶᠢᠳᠠᠯ ᠢ ᠪᠠᠶᠢᠴᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠪᠤᠳᠤᠯᠭ᠎ᠠ ᠶᠢ ᠴᠤᠭᠯᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠦᠷᠢᠵᠢᠭᠤᠯᠪᠠ᠃

     ᠰᠤᠮᠤᠨ ᠤ ᠠᠷᠠᠳ ᠤᠨ ᠲᠥᠯᠥᠭᠡᠯᠡᠭᠴᠢᠳ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ

ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ᠂ ᠲᠠᠷᠢᠶᠠᠨ ᠭᠠᠵᠠᠷ ᠲᠤ ᠭᠦᠨᠵᠡᠭᠡᠶᠢᠷᠡᠨ ᠲᠠᠷᠢᠶᠠᠴᠢᠳ ᠲᠤ

ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠤᠳᠠᠯᠳᠤᠨ ᠠᠪᠬᠤ᠂ ᠬᠡᠷᠡᠭᠯᠡᠬᠦ ᠳᠤ

ᠵᠢᠯᠣᠭᠤᠳᠣᠯᠭ᠎ᠠ ᠬᠠᠩᠭᠠᠵᠤ᠂ ᠡᠨᠡ ᠵᠢᠯ ᠤᠨ ᠰᠦᠯᠢᠶᠣᠣ ᠪᠦᠷᠬᠦᠪᠴᠢ ᠶᠢ ᠬᠡᠷᠡᠭᠯᠡᠬᠦ ᠪᠠ ᠡᠭᠡᠭᠦᠯᠦᠨ ᠬᠤᠷᠢᠶᠠᠬᠤ

ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠶᠢ ᠶᠡᠬᠡᠪᠡᠷ

ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠬᠢᠷᠢ ᠲᠦᠪᠰᠢᠨ ᠢ

ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ

ᠰᠠᠶᠢᠨ ᠡᠬᠢᠯᠡᠯᠲᠡ ᠲᠠᠢ ᠪᠣᠯᠬᠤ ᠳᠤ ᠬᠦᠴᠦᠨ ᠨᠡᠮᠡᠷᠢᠯᠡᠪᠡ᠃

   ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠰᠤᠮᠤᠨ ᠤ ᠠᠷᠠᠳ ᠤᠨ ᠲᠥᠯᠥᠭᠡᠯᠡᠭᠴᠢᠳ ᠤᠯᠠᠨ

ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠤᠲᠤᠭ ᠪᠡᠯᠴᠢᠭᠡᠷ ᠤᠨ

ᠵᠠᠭᠤᠷᠠᠯᠳᠤᠭᠠᠨ᠂ ᠭᠡᠷ ᠪᠦᠯᠢ ᠶᠢᠨ ᠵᠠᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠥᠷᠢᠴᠡᠯ ᠵᠡᠷᠭᠡ ᠤᠯᠠᠨ ᠲᠦᠮᠡᠨ ᠤ

ᠳᠡᠷᠭᠡᠳᠡᠬᠢ ᠡᠯ᠎ᠡ ᠵᠦᠢᠯ ᠤᠨ ᠵᠥᠷᠢᠴᠡᠯ ᠤᠨ ᠭᠡᠮ ᠰᠣᠭᠤᠭ ᠢ ᠬᠦᠴᠦᠯᠡᠨ ᠠᠷᠢᠯᠭᠠᠵᠤ᠂ ᠵᠥᠷᠢᠴᠡᠯ ᠢ ᠴᠤᠬᠤᠶᠢᠵᠤ

ᠪᠠᠶᠢᠭ᠎ᠠ ᠪᠠᠶᠢᠳᠠᠯ ᠳᠤᠨᠢ ᠨᠠᠮᠳᠠᠭᠤᠯᠵᠤ᠂ ᠤᠯᠠᠨ ᠲᠦᠮᠡᠨ ᠤ ᠳᠡᠷᠭᠡᠳᠡᠬᠢ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠵᠤ

ᠪᠠᠶᠢᠭ᠎ᠠ ᠶᠠᠪᠤᠳᠠᠯ ᠢ ᠪᠦᠲᠦᠮᠵᠢᠲᠡᠢ ᠰᠢᠢᠳᠪᠦᠷᠢᠯᠡᠪᠡ᠃

             ᠵᠤᠬᠢᠶᠠᠭᠴᠢ᠄ ᠬᠦᠷᠢᠶ᠎ᠡ ᠰᠣᠮᠣᠨ ᠤ ᠠᠷᠠᠳ ᠤᠨ ᠵᠠᠰᠠᠭ ᠤᠨ ᠣᠷᠳᠣᠨ    

             ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠬᠦᠷᠢᠶ᠎ᠡ ᠰᠣᠮᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号