| ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠭᠡᠰᠢᠭᠦᠨ | ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ | ᠮᠡᠳᠡᠬᠦ᠂ ᠰᠠᠬᠢᠯᠭ᠎ᠠ ᠪᠠᠲᠤ ᠶᠢ ᠴᠡᠭᠡᠵᠢᠯᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠦᠨ ᠵᠢᠯᠣᠭᠤᠳᠬᠤ ᠶᠢᠨ | ᠲᠥᠯᠥᠭᠡ᠂ 4 ᠰᠠᠷ᠎ᠠ ᠶᠢᠨ 25 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ᠬᠤᠶᠠᠷ | ᠡᠳᠦᠷ ᠤᠨ ᠬᠤᠭᠤᠴᠠᠭ᠎ᠠ ᠲᠠᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ | ᠠᠩᠬᠢ ᠡᠷᠬᠢᠯᠡᠪᠡ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠡᠷᠭᠢᠯᠡᠵᠦ᠂ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠬᠡᠰᠡᠭ ᠺᠠᠳ᠋ᠷ ᠰᠤᠷᠤᠯᠴᠠᠯᠭ᠎ᠠ ᠶᠢᠨ ᠬᠤᠷᠠᠯ ᠳᠤ | ᠣᠷᠣᠯᠴᠠᠪᠠ᠃ | | | | | ᠲᠣᠰ ᠤᠳᠠᠭᠠᠨ ᠤ ᠨᠣᠮ ᠤᠩᠰᠢᠬᠤ ᠠᠩᠭᠢ ᠶᠢ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ | ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ᠂ ᠲᠤᠰᠬᠠᠶ ᠰᠡᠳᠦᠪ ᠢᠶᠠᠷ ᠰᠢᠯᠭᠠᠬᠤ ᠵᠡᠷᠭᠡ | ᠬᠡᠯᠪᠡᠷᠢ ᠪᠠᠷ ᠶᠠᠪᠤᠭᠳᠠᠭᠤᠯᠪᠠ᠃ ᠨᠣᠮ ᠤᠩᠰᠢᠬᠤ ᠠᠩᠭᠢ ᠳᠤ ᠤᠭ ᠵᠣᠬᠢᠶᠠᠯ ᠢ ᠰᠤᠷᠤᠯᠴᠠᠬᠤ᠂ ᠤᠭ ᠵᠣᠬᠢᠶᠠᠯ ᠢ | ᠤᠩᠰᠢᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠵᠤᠷᠪᠤᠰ ᠳᠠᠷᠠᠭᠠᠯᠠᠨ ᠰᠤᠷᠤᠯᠴᠠᠭᠰᠠᠨ ᠪᠥᠭᠡᠳ ᠪᠣᠳᠠᠲᠤ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠡᠯ᠎ᠡ ᠵᠦᠢᠯ ᠤᠨ ᠵᠦᠢᠯ ᠵᠤᠷᠪᠤᠰ ᠢ ᠭᠦᠨᠵᠡᠭᠡᠶ ᠲᠠᠶᠢᠯᠪᠤᠷᠢᠯᠠᠵᠤ᠂ ᠵᠠᠷᠢᠮ | ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠤᠬᠠᠶ ᠰᠡᠳᠬᠢᠯ ᠳᠡᠭᠡᠨ | ᠠᠪᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠪᠡ᠃ | ᠬᠤᠷᠠᠯ ᠳᠡᠭᠡᠷ᠎ᠡ᠂ ᠤᠳᠤᠷᠢᠳᠬᠤ ᠪᠠᠭ ᠤᠨ ᠪᠦᠷᠢᠯᠳᠦᠬᠦᠨ ︽ᠲᠦᠷᠢᠮ︾ ᠤᠨ ᠲᠣᠭᠤᠷᠢᠨ ᠳᠤ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠲᠤᠰᠬᠠᠶ ᠰᠡᠳᠦᠪᠲᠦ ᠰᠢᠯᠭᠠᠯᠲᠠ ᠬᠢᠵᠦ᠂ ᠨᠠᠮ ᠤᠨ ᠭᠡᠰᠢᠭᠦᠨ | ᠺᠠᠳ᠋ᠷᠴᠤᠳ ᠤᠨ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ | ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢ ᠤᠯᠠᠮ ᠨᠢᠭᠡ ᠠᠯᠬᠤᠮ | ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠪᠡ᠃ | | ᠲᠣᠰ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠣᠯᠠᠨ ᠢᠶᠠᠷ ᠢᠶᠠᠨ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ | ᠨᠠᠩ ᠭᠦᠨᠵᠡᠭᠡᠶ ᠣᠶᠢᠯᠠᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ | ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠪᠡ᠃ ᠣᠯᠠᠨ ᠢᠶᠠᠷ ᠢᠶᠠᠨ᠂ ᠬᠤᠶᠢᠰᠢᠳᠠ ︽ᠲᠦᠷᠢᠮ︾ ᠤᠨ | ᠭᠤᠤᠯ ᠵᠣᠷᠢᠯᠲᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠲᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠤᠯᠴᠢ ᠠᠷᠢᠭᠤᠨ ᠴᠢᠬᠡᠴᠢ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠤᠳᠤᠷᠢᠳᠬᠤ ᠺᠠᠳ᠋ᠷᠴᠤᠳ ᠤᠨ ᠵᠢᠱᠢᠶ᠎ᠡ | ᠦᠵᠡᠭᠦᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠣᠮ ᠤᠩᠰᠢᠬᠤ ᠠᠩᠭᠢ ᠶᠢᠨ | ᠬᠤᠭᠤᠴᠠᠭᠠᠨ ᠳᠤ ᠰᠣᠷᠣᠯᠴᠠᠬᠤ ᠣᠷᠬᠢᠯᠥᠮᠠ ᠬᠠᠯᠠᠭᠤᠨ ᠰᠡᠳᠬᠢᠯᠭᠡ᠂ ᠪᠣᠳᠠᠲᠠᠶ ᠶᠢ ᠡᠷᠬᠢᠮᠯᠡᠬᠦ ᠰᠤᠷᠲᠠᠯ ᠢ | ᠦᠷᠭᠦᠯᠵᠢᠯᠡᠨ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠥᠬᠦᠷᠡᠰᠢ ᠥᠬᠡᠶ | ᠰᠠᠶᠢᠲᠤᠷ ᠠᠳᠬᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠵᠡᠭᠡᠷᠡᠲᠦ ᠬᠤᠲᠠ ᠪᠠᠯᠭᠠᠰᠤᠨ ᠤ ᠴᠢᠨᠠᠷ ᠰᠠᠶᠢᠲᠠᠶ | ᠬᠥᠭᠵᠢᠯᠲᠡ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃ | | | | ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ |