| 5 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 16 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ | ᠡᠷᠭᠢᠯᠡᠨ ᠬᠤᠷᠠᠯᠳᠤᠭᠤᠯᠪᠠ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠥᠪ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ᠂ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠷᠭᠤᠭᠠᠨ ᠢᠨᠵᠧᠨᠧᠷᠢᠩ︾ ᠤᠨ ᠠᠵᠢᠯ ᠢ | ᠠᠬᠢᠭᠤᠯᠤᠭᠰᠠᠨ ᠪᠠᠶᠢᠳᠠᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ᠂ | ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ᠂ ᠵᠤᠭᠠᠴᠠᠯ ᠤᠨ ᠦᠢᠯᠡᠰ ᠤᠨ ᠬᠥᠭᠵᠢᠯᠲᠡ | ᠡᠵᠡᠩᠨᠡᠯᠲᠡ ᠵᠢᠴᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠠᠭᠤᠯᠭ᠎ᠠ ᠶᠢ ᠬᠢᠨᠠᠨ ᠵᠥᠪᠯᠡᠪᠡ᠃ | ᠬᠤᠷᠠᠯ ᠠᠴᠠ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ | ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠭᠢ ᠶᠢ ᠢᠳᠡᠪᠬᠢᠲᠡᠢ ᠴᠤᠭᠯᠠᠭᠤᠯᠵᠤ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠠ ᠲᠣᠬᠢᠶᠠᠯ ᠢ ᠴᠢᠩᠭ᠎ᠠ ᠠᠳᠬᠤᠵᠤ᠂ ︽ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠬᠤ | ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠪᠤᠶᠠᠨ | ᠵᠢᠷᠭᠠᠯ ᠢ ᠨᠡᠮᠡᠭᠳᠡᠭᠦᠯᠵᠦ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠵᠤ᠂ ᠦᠨᠡᠨᠴᠢ ᠢᠲᠡᠭᠡᠮᠵᠢ ᠲᠠᠢ ᠪᠠᠶᠢᠵᠤ᠂ ︽ᠦᠨᠡᠨᠴᠢ ᠢᠲᠡᠭᠡᠮᠵᠢ ᠲᠠᠢ | ᠪᠠᠶᠢᠬᠤ ᠪᠠᠶᠢᠭᠤᠯᠤᠯᠲᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠲᠣᠭᠯᠠᠭᠴᠢ ᠪᠣᠯᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠠᠵᠤ ᠠᠬᠤᠶᠢᠯᠠᠯ ᠤᠨ ᠡᠴᠦᠰ ᠤᠨ ᠨᠢᠭᠡ ᠺᠢᠯᠣᠮᠧᠲᠷ ᠢ | ᠨᠡᠪᠲᠡᠷᠡᠭᠦᠯᠵᠦ᠂ ᠢᠳᠡᠪᠬᠢᠲᠡᠶ ᠪᠠᠷ ᠠᠭᠤᠰᠤᠯᠴᠠᠵᠤ᠂ ᠲᠣᠮᠣ ᠬᠦᠴᠦᠷᠬᠡᠭ ᠢ ᠣᠷᠢᠨ ᠠᠪᠴᠢᠷᠠᠵᠦ᠂ ︽ᠴᠢᠯᠥᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ | ᠢ ᠰᠤᠷᠤᠯᠴᠠᠨ ᠲᠣᠭᠤᠰᠢᠯᠠᠭᠤᠯᠬᠤ ᠪᠠᠷ ᠭᠤᠤᠯᠳᠠᠯᠭ᠎ᠠ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠳᠥᠯᠭᠢᠨ ᠠᠬᠢᠭᠤᠯᠬᠤ ᠪᠣᠳᠠᠲᠠᠶ ᠦᠷ᠎ᠡ | ᠪᠦᠲᠦᠮᠵᠢ ᠪᠣᠯᠭᠠᠨ ᠲᠠᠰᠤᠷᠠᠯᠲᠠ ᠥᠬᠡᠶ ᠬᠤᠪᠢᠷᠠᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ | ᠴᠢᠩᠭᠠᠳᠬᠠᠵᠤ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ | ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠢᠳᠡᠪᠬᠢᠲᠡᠢ | ᠰᠢᠢᠳᠪᠦᠷᠢᠯᠡᠬᠦ ᠬᠡᠷᠡᠭᠲᠡᠢ᠃ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠡᠵᠡᠩᠨᠡᠯᠲᠡ ᠬᠠᠮᠢᠶᠠᠷᠤᠯᠲᠠ ᠶᠢᠨ ᠬᠠᠮᠢᠶ᠎ᠠ | ᠪᠥᠬᠦᠶ ᠠᠵᠢᠯ ᠢ ᠤᠷᠢᠳᠴᠢᠯᠠᠨ ᠰᠠᠶᠢᠲᠤᠷ ᠬᠢᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠮᠡᠳᠡᠷᠡᠭᠦᠯᠬᠦ ᠬᠡᠷᠡᠭᠲᠡᠶ᠃ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ ᠶᠢᠨ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠣᠯᠤᠨ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠰᠤᠷᠪᠤᠯᠵᠢᠯᠠᠭᠴᠢ᠄ ᠵᠠᠩ ᠵᠢᠤᠸᠠᠨ ᠭᠤᠤ ᠸᠧᠶ | ᠣᠷᠴᠢᠭᠤᠯᠣᠨᠨᠴᠢ᠄ ᠭᠧ ᠲᠣᠸᠠᠨ ᠯᠢᠶᠡᠨ | | |