ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄  ᠵᠠᠬᠢᠶᠠᠯᠠᠭ᠎ᠠ ᠶᠢᠨ ᠰᠢᠬᠢᠷ ᠯᠤᠤᠪᠠᠩ ᠲᠠᠷᠢᠬᠤ ᠪᠠᠷ ᠶᠠᠭᠠᠷᠠᠯᠳᠣᠵᠦ  ᠡᠯᠪᠡᠭ ᠬᠤᠷᠢᠶᠠᠯᠲᠠ ᠶᠢᠨ ᠰᠢᠨ᠎ᠡ ᠬᠦᠰᠡᠯ ᠡᠷᠡᠮᠡᠯᠵᠡᠯ ᠢ ᠡᠪᠦᠷᠯᠡᠨ᠎ᠡ
ᠨᠡᠶᠢᠲᠡᠯᠡᠭᠰᠡᠨ ᠴᠠᠭ᠄
2024/5/30
     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠰᠢᠬᠢᠷ ᠯᠤᠤᠪᠠᠩ ᠲᠠᠷᠢᠬᠤ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠪᠠᠷ ᠡᠬᠢᠯᠡᠭᠦᠯᠵᠦ᠂ ᠪᠦᠬᠦ ᠵᠢᠯ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ  ᠪᠠᠳᠦ ᠰᠠᠭᠤᠷᠢ ᠲᠠᠯᠪᠢᠵᠦ ᠪᠠᠶᠢᠨ᠎ᠠ᠃

     ᠬᠥᠬᠡᠪᠦᠷ ᠪᠠᠯᠭᠠᠰᠤᠨ ᠤ ᠠᠷᠤ ᠶᠢᠨ ᠵᠤ ᠲᠣᠰᠬᠤᠨ ᠤ ᠰᠢᠬᠢᠷ ᠯᠤᠤᠪᠠᠩ ᠤᠨ ᠴᠢᠬᠢ ᠲᠠᠷᠢᠬᠤ ᠲᠤᠬᠠᠢ ᠶᠢᠨ

ᠲᠠᠯᠠᠪᠠᠢ ᠳᠤ᠂ ᠲᠷᠠᠺᠲ᠋ᠣᠷ ᠤᠨ ᠠᠭᠠᠵᠢᠮ ᠢᠶᠠᠷ ᠣᠷᠣᠭᠰᠢᠯᠠᠬᠤ ᠶᠢ ᠲᠠᠭᠠᠯᠳᠣᠨ᠂ ᠴᠢᠬᠢ ᠰᠠᠭᠤᠯᠭᠠᠬᠤ ᠪᠠ ᠰᠢᠷᠣᠢ

ᠪᠦᠷᠬᠦᠬᠦ ᠠᠵᠢᠯ ᠢ ᠨᠢᠭᠡ ᠴᠣᠠᠠᠴᠠᠵᠢᠭᠤᠯᠣᠨ ᠪᠡᠶᠡᠯᠡᠬᠦᠯᠵᠦ᠂ ᠲᠠᠷᠢᠶᠠᠨ ᠳᠤ ᠰᠠᠭᠤᠯᠭᠠᠨᠨᠰᠠᠨ ᠴᠢᠬᠢ ᠨᠢ ᠳᠡᠷᠢ ᠲᠡᠭᠰᠢ

ᠮᠦᠷᠲᠡᠭᠡᠨ ᠠᠰᠬᠠᠨ ᠪᠠᠶᠢᠯ᠎ᠠ᠃

     ᠠᠷᠤ ᠶᠢᠨ ᠵᠤ ᠲᠣᠰᠬᠤᠨ ᠤ ᠲᠠᠷᠢᠮᠠᠯ ᠤᠨ ᠡᠷᠦᠬᠡ  ᠵᠢᠶᠠ ᠡᠯ  ᠪᠤᠤ ᠶᠢᠨ ᠲᠠᠷᠢᠭᠰᠠᠨ ᠰᠢᠬᠢᠷ ᠯᠤᠤᠪᠠᠩ ᠪᠣᠯ

ᠴᠥᠮ ᠵᠠᠬᠢᠶᠠᠯᠠᠭ᠎ᠠ ᠶᠢᠨ ᠬᠡᠯᠪᠡᠷᠢ ᠶᠢᠨ ᠲᠠᠷᠢᠮᠠᠯ ᠪᠣᠯᠤᠨ᠎ᠠ᠂ ᠰᠢᠬᠢᠷ ᠬᠢᠬᠦ ᠠᠵᠤ ᠠᠬᠤᠶᠢᠯᠠᠯ ᠳᠤ ᠲᠦᠰᠢᠭᠯᠡᠨ᠂ ︽

ᠺᠣᠮᠫᠠᠨᠢ + ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠲᠠᠷᠢᠮᠠᠯ ᠤᠨ ᠵᠠᠭᠪᠤᠷ ᠢᠶᠠᠷ ᠳᠠᠮᠵᠢᠭᠤᠯᠤᠨ ᠰᠢᠬᠢᠷ

ᠯᠤᠤᠪᠠᠩ ᠤᠨ ᠣᠨᠴᠠᠯᠢᠭᠲᠤ ᠲᠠᠷᠢᠮᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠴᠢᠨ ᠡᠷᠦᠬᠡ ᠶᠢᠨ

ᠰᠡᠳᠬᠢᠯ ᠢ ᠲᠣᠨᠨᠳᠠᠪᠦᠷᠢᠵᠢᠭᠤᠯᠵᠦ᠂ ᠦᠨᠡᠨᠬᠦ ᠠᠰᠢᠭ ᠬᠦᠷᠳᠡᠭᠡᠨ᠎ᠡ᠃ 

     ︽ᠡᠨᠡ ᠵᠢᠯ ᠪᠢ 600 ᠮᠥ ᠰᠢᠬᠢᠷ ᠯᠤᠤᠪᠠᠩ ᠳᠠᠷᠢᠵᠤ᠂ ᠤᠯᠠᠭᠠᠨᠬᠠᠳᠠ ᠶᠢᠨ ᠰᠢᠬᠢᠷ ᠤᠨ

ᠦᠢᠯᠡᠳᠪᠦᠷᠢ ᠲᠠᠢ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠪᠣᠷᠣᠯᠠᠭᠤᠯᠬᠤ ᠵᠠᠮ ᠪᠠᠲᠤᠯᠠᠭ᠎ᠠ ᠲᠠᠢ ᠪᠣᠯᠵᠠᠢ᠂

ᠳᠤᠮᠳᠠᠳᠤ ᠬᠤᠰᠢᠭᠤᠨ ᠤ ᠭᠠᠵᠠᠷ ᠵᠦᠶ ᠶᠢᠨ ᠪᠠᠶᠢᠷᠢᠯᠠᠯ ᠨᠢ ᠰᠠᠶᠢᠨ ᠪᠠᠶᠢᠵᠤ᠂ ᠡᠳᠦᠷ ᠰᠥᠨᠢ ᠶᠢᠨ ᠳᠤᠯᠠᠭᠠᠨ ᠤ

ᠵᠥᠷᠢᠶ᠎ᠡ ᠶᠡᠭᠡ᠂ ᠰᠢᠬᠢᠷ ᠯᠤᠤᠪᠠᠩ ᠳᠠᠷᠢᠬᠤ ᠳᠤ ᠬᠠᠮᠤᠭ ᠤᠨ ᠲᠣᠬᠢᠷᠠᠮᠵᠢᠲᠠᠶ ᠶᠤᠮ︾  ᠭᠡᠵᠦ ᠠᠷᠤ ᠶᠢᠨ ᠵᠤ

ᠲᠣᠰᠬᠤᠨ ᠤ ᠲᠠᠷᠢᠮᠠᠯ ᠤᠨ ᠡᠷᠦᠬᠡ  ᠵᠢᠶᠠ ᠡᠯ ᠪᠤᠤ ᠬᠡᠯᠡᠨ᠎ᠡ᠃  

     ᠰᠢᠬᠢᠷ ᠯᠤᠤᠪᠠᠩ ᠪᠣᠯ ᠰᠢᠬᠢᠷ ᠬᠢᠬᠦ ᠴᠢᠬᠤᠯᠠ ᠲᠦᠭᠦᠬᠡᠶ ᠮᠠᠲ᠋ᠧᠷᠢᠶᠠᠯ ᠤᠨ ᠲᠠᠷᠢᠮᠠᠯ ᠪᠣᠯᠬᠤ ᠪᠥᠭᠡᠳ

ᠨᠡᠯᠢᠶᠡᠳ ᠥᠨᠳᠥᠷ ᠠᠵᠤ ᠠᠬᠤᠶ ᠶᠢᠨ ᠦᠨ᠎ᠡ ᠥᠷᠲᠡᠭ ᠲᠠᠢ ᠶᠤᠮ᠃ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤ ︽ᠵᠠᠬᠢᠶᠠᠯᠠᠭ᠎ᠠ ᠶᠢᠨ ᠵᠠᠭᠪᠤᠷ + ᠲᠠᠷᠢᠶᠠᠴᠢᠨ ᠡᠷᠦᠬᠡ︾ ᠶᠢᠨ ᠬᠥᠳᠡᠭᠡ ᠲᠣᠰᠬᠤᠨ ᠤ ᠬᠥᠭᠵᠢᠯᠲᠡ ᠶᠢᠨ

ᠵᠠᠭᠪᠤᠷ ᠢ ᠪᠠᠷᠢᠮᠲᠠᠯᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ

ᠪᠦᠲᠦᠴᠡ ᠳᠤ ᠢᠳᠡᠪᠬᠢᠲᠡᠶ ᠲᠣᠬᠢᠷᠠᠭᠤᠯᠤᠯᠲᠠ ᠬᠢᠵᠦ᠂  ᠦᠢᠯᠡᠳᠪᠦᠷᠢ ᠶᠢᠨ ᠬᠡᠷᠡᠭᠴᠡᠭᠡ ᠱᠠᠭᠠᠷᠳᠠᠯᠭ᠎ᠠ ᠲᠠᠢ

ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠮᠠᠯᠴᠢᠨ

ᠲᠠᠷᠢᠶᠠᠴᠢᠨ ᠤ ᠤᠨᠴᠠᠯᠢᠬᠳᠤ ᠠᠵᠤ ᠠᠬᠤᠶ ᠶᠢᠨ ᠲᠠᠷᠢᠮᠠᠯ ᠳᠠᠷᠢᠬᠤ ᠶᠢ ᠵᠣᠷᠢᠭᠵᠢᠭᠤᠯᠵᠤ᠂ ᠣᠯᠠᠨ ᠲᠦᠮᠡᠨ ᠤ ︽

ᠵᠠᠬᠢᠶᠠᠯᠠᠭ᠎ᠠ ᠶᠢᠨ ᠮᠠᠶ᠋ᠢᠭ︾ ᠤᠨ  ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠪᠡ᠃

     ᠠᠷᠣ ᠶᠢᠨ ᠵᠤ ᠲᠣᠰᠬᠤᠨ ᠤ ᠠᠷᠠᠳ ᠹᠠᠨ ᠭᠠᠢ ᠧ᠄  ︽ᠪᠢ ᠠᠳᠡ ᠠᠵᠢᠯ ᠬᠢᠭᠡᠳ ᠲᠠᠪᠤ ᠵᠢᠷᠭᠤᠭᠠᠨ

ᠡᠳᠦᠷ ᠪᠣᠯᠵᠤ ᠪᠠᠶᠢᠨ᠎ᠠ᠂ ᠡᠳᠦᠷ ᠪᠦᠷᠢ 150 ᠲᠥᠭᠦᠷᠢᠭ ᠣᠯᠵᠤ ᠲᠠᠶᠢᠯᠥᠨ᠎ᠡ᠂ ᠡᠨᠡ ᠬᠡᠳᠦᠨ ᠡᠳᠦᠷ ᠲᠠᠷᠢᠶ᠎ᠠ ᠪᠠᠨ

ᠲᠠᠷᠢᠵᠤ ᠲᠠᠭᠤᠰᠬᠠᠭᠠᠳ ᠡᠳᠦᠷ ᠪᠦᠷᠢ ᠠᠳᠡ ᠢᠷᠡᠵᠦ ᠰᠤᠯᠠ ᠵᠣᠭᠤᠰ ᠣᠯᠵᠤ ᠭᠡᠷ ᠲᠤ ᠪᠠᠨ ᠲᠣᠰᠠ ᠲᠡᠮ ᠪᠣᠯᠵᠦ

ᠪᠠᠶᠢᠨ᠎ᠠ᠂ ᠶᠡᠭᠡ ᠰᠠᠶᠢᠨ ᠪᠠᠶᠢᠨ᠎ᠠ︾ ᠭᠡᠵᠦ ᠪᠠᠶᠡᠷᠳᠠᠶᠢᠬᠠᠨ ᠬᠡᠯᠡᠨ᠎ᠡ᠃

     ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠤᠨᠴᠠᠯᠢᠬᠳᠤ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠵᠦ᠂ ︽

ᠵᠠᠬᠢᠶᠠᠯᠠᠭ᠎ᠠ ᠶᠢᠨ ᠵᠠᠭᠪᠤᠷ + ᠲᠠᠷᠢᠶᠠᠴᠢᠨ ᠡᠷᠦᠬᠡ︾ ᠶᠢᠨ ᠪᠣᠷᠣᠯᠠᠭᠤᠯᠭ᠎ᠠ ᠶᠢᠨ ᠵᠠᠭᠪᠤᠷ ᠢ ᠶᠡᠬᠡᠪᠡᠷ ᠳᠡᠯᠭᠡᠷᠡᠭᠦᠯᠵᠦ᠂

ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ︽ᠵᠠᠬᠢᠶᠠᠯᠠᠭ᠎ᠠ ᠶᠢᠨ ᠮᠠᠶ᠋ᠢᠭ︾ ᠤᠨ ᠲᠠᠷᠢᠮᠠᠯ ᠢ ᠬᠥᠭᠵᠢᠭᠦᠯᠵᠦ᠂

ᠲᠠᠷᠢᠶᠠᠯᠠᠩ ᠤᠨ ᠪᠦᠲᠦᠭᠡᠭᠳᠡᠬᠦᠨ ᠤ ᠬᠡᠪᠴᠢᠶᠡᠵᠢᠯᠲᠡ᠂ ᠡᠷᠴᠢᠮᠵᠢᠯᠲᠡ᠂ ᠪᠠᠷᠢᠮᠵᠢᠶᠠᠵᠢᠭᠰᠠᠨ ᠲᠠᠷᠢᠮᠠᠯ ᠢ ᠪᠠᠶᠢᠭᠤᠯᠤᠨ

ᠪᠦᠷᠢᠨᠰᠢᠬᠦᠯᠵᠦ᠂ ︽ ᠲᠣᠣᠷ᠎ᠡ ᠦᠨ᠎ᠡ ᠶᠢ ᠪᠠᠳᠣᠯᠠᠵᠦ ᠪᠠᠳᠣᠯᠭ᠎ᠠ ᠬᠠᠩᠭᠠᠵᠦ᠂ ᠵᠠᠬ᠎ᠠ ᠳᠡᠯᠭᠡᠭᠦᠷ ᠤᠨ ᠦᠨ᠎ᠡ ᠪᠠᠷ

ᠬᠤᠳᠠᠯᠳᠤᠨ ᠠᠪᠬᠤ︾ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠷᠢᠮᠠᠯ ᠤᠨ ᠠᠶᠤᠯ ᠲᠦᠭᠰᠢᠭᠦᠷᠢ  ᠶᠢ  

ᠪᠠᠭᠤᠷᠠᠭᠤᠯᠵᠤ᠂ ᠲᠠᠷᠢᠮᠠᠯ ᠤᠨ ᠡᠷᠦᠬᠡ ᠶᠢᠨ ᠦᠨᠳᠦᠰᠦᠨ ᠠᠰᠢᠭ ᠣᠷᠣᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ

ᠪᠠᠲᠤᠯᠠᠵᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠪᠡ᠃

           ᠣᠷᠴᠢᠭᠤᠯᠣᠨ ᠨᠠᠶᠢᠷᠠᠭᠤᠯᠣᠨᠨᠴᠢ᠄  ᠨᠠᠷᠡᠨᠴᠡᠴᠡᠭ

         

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号