| 6 ᠰᠠᠷ᠎ᠠ ᠶᠢᠨ 5 ᠤ ᠡᠳᠦᠷ᠂ ᠵᠡᠭᠡᠷᠡᠲᠦ ᠬᠤᠲᠠ ᠪᠠᠯᠭᠠᠰᠤ ᠨᠠᠮ ᠤᠨ ᠬᠤᠷᠢᠶ᠎ᠠ ᠶᠢᠨ ᠱᠦᠵᠢ ᠨᠠᠮ ᠤᠨ | ᠰᠠᠬᠢᠯᠭ᠎ᠠ ᠪᠠᠲᠤ ᠶᠢ ᠲᠠᠶᠢᠯᠪᠤᠷᠢᠯᠠᠬᠤ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠾᠧ ᠯᠢᠶᠠᠨ ᠾᠧᠦ ᠬᠤᠷᠠᠯ ᠢ ᠡᠷᠭᠢᠯᠡᠵᠦ᠂ | ᠪᠥᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠬᠤᠷᠠᠯ ᠳᠤ ᠣᠷᠣᠯᠴᠠᠵᠠᠶ᠃ | | | | | ᠲᠣᠰ ᠤᠳᠠᠭᠠᠨ ᠤ ᠬᠤᠷᠠᠯ ᠠᠴᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠸᠠᠩ ᠰᠢᠤ ᠴᠢᠨ ᠢ ᠲᠤᠰᠬᠠᠶᠢᠯᠠᠨ ᠤᠷᠢᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠣᠭᠤᠷᠢᠨ ᠳᠤ ᠲᠤᠰᠬᠠᠶ | ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠵᠡᠶ᠃ ᠲᠠᠶᠢᠯᠤᠮᠵᠢ ᠨᠢ ᠪᠣᠳᠠᠲᠠᠶ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ︽ᠲᠦᠷᠢᠮ︾ ᠳᠤ ᠲᠠᠶᠢᠯᠤᠮᠵᠢ ᠪᠠ ᠲᠠᠶᠢᠯᠪᠤᠷᠢᠯᠠᠯᠲᠠ ᠬᠢᠵᠦ᠂ ᠠᠭᠤᠯᠭ᠎ᠠ ᠨᠢ ᠨᠠᠷᠢᠨ ᠪᠣᠳᠠᠲᠠᠶ᠂ | ᠭᠦᠨᠵᠡᠭᠡᠶ ᠪᠥᠭᠡᠳ ᠣᠶᠢᠯᠠᠭᠠᠮᠵᠢᠲᠠᠶ᠂ ᠪᠥᠬᠦ ᠲᠠᠯ᠎ᠠ ᠪᠠᠷ ᠰᠢᠰᠲ᠋ᠧᠮ ᠲᠠᠢ᠂ ᠤᠨᠤᠯ ᠤᠨ ᠭᠦᠨᠴᠡ ᠲᠠᠢ ᠮᠥᠷᠲᠡᠭᠡᠨ | ᠦᠢᠯᠡᠳᠦᠯᠭᠡ ᠶᠢᠨ ᠠᠴᠢ ᠬᠤᠯᠪᠣᠭᠳᠠᠯ ᠲᠠᠢ ᠪᠠᠶᠢᠵᠤ᠂ ᠮᠠᠨ ᠤ ᠪᠠᠯᠭᠠᠰᠦᠨ ᠤ ᠢᠯᠵᠠᠷᠠᠯ ᠢ ᠡᠰᠡᠷᠭᠦᠴᠡᠨ ᠠᠷᠢᠭᠤᠨ | ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠳᠤ ᠴᠢᠬᠤᠯᠠ ᠰᠡᠩᠬᠡᠷᠡᠭᠦᠯᠦᠯ ᠪᠠ | ᠵᠢᠯᠣᠭᠤᠳᠬᠤ ᠦᠢᠯᠡᠳᠦᠯ ᠲᠠᠢ ᠶᠤᠮ᠃ | ᠾᠧ ᠯᠢᠶᠠᠨ ᠾᠧᠦ ᠠᠴᠠ ︽ᠨᠠᠮ ᠤᠨ ᠰᠠᠬᠢᠯᠭ᠎ᠠ ᠪᠠᠲᠤ ᠶᠢ ᠰᠤᠷᠤᠯᠴᠠᠵᠤ᠂ ᠨᠠᠮᠴᠢ ᠴᠢᠨᠠᠷ ᠢ | ᠴᠢᠩᠭᠠᠳᠬᠠᠵᠤ᠂ ᠬᠤᠷᠢᠭ᠎ᠠ ᠱᠤᠭᠤᠮ ᠢ ᠰᠠᠬᠢᠬᠤ︾ ᠭᠤᠤᠯ ᠰᠡᠳᠦᠪ ᠢᠶᠠᠷ ᠠᠮᠢᠳᠤᠯᠢᠭ ᠨᠠᠮ ᠤᠨ ᠬᠢᠴᠢᠶᠡᠯ ᠶᠠᠷᠢᠵᠤ᠂ | ᠮᠠᠨ ᠤ ᠳᠡᠷᠭᠡᠳᠡ ᠡᠭᠦᠰᠦᠭᠰᠡᠨ ᠪᠣᠳᠠᠲᠠᠶ ᠪᠣᠳᠠᠲᠤ ᠵᠢᠱᠢᠶ᠎ᠡ ᠪᠠᠷ ᠳᠠᠮᠵᠢᠭᠤᠯᠤᠨ ᠣᠯᠠᠨ ᠤ ᠨᠠᠮ ᠤᠨ ᠰᠠᠬᠢᠯᠭ᠎ᠠ | ᠪᠠᠲᠤ ᠶᠢᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ | ᠬᠥᠲᠥᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠠᠤ᠂ | ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠵᠦ᠂ ᠲᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ | ᠢᠯᠡᠷᠡᠭᠦᠯᠬᠦ ᠬᠡᠷᠡᠭᠲᠡᠶ ᠭᠡᠪᠡ᠃ | ᠬᠤᠷᠠᠯ ᠠᠴᠠ᠂ ᠨᠢᠭᠡ ᠳᠤ᠂ ᠭᠤᠣᠯᠳᠠᠯᠭ᠎ᠠ ᠲᠠᠢ ᠤᠶᠠᠯᠳᠤᠭᠤᠯᠤᠨ ᠰᠤᠷᠤᠯᠴᠠᠯᠭ᠎ᠠ ᠶᠢ ᠠᠳᠬᠤᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠨᠠᠭᠰᠢᠳᠠ ᠰᠠᠶᠢᠲᠤᠷ | ᠨᠠᠶᠢᠳᠠᠪᠤᠷᠢᠵᠢᠭᠤᠯᠵᠤ᠂ ᠲᠡᠷᠡ ᠬᠡᠪ ᠢᠶᠠᠷ ᠨᠢ ᠰᠤᠷᠤᠯᠴᠠᠬᠤ᠂ ᠪᠦᠯᠥᠭ ᠵᠣᠷᠪᠣᠰ ᠢᠶᠠᠷ ᠳᠠᠷᠠᠭᠠᠯᠠᠨ ᠰᠤᠷᠤᠯᠴᠠᠬᠤ᠂ | ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠨᠠᠷᠢᠨ ᠣᠶᠢᠯᠠᠭᠠᠵᠤ ᠯᠠᠪᠳᠠᠭᠤᠨ ᠪᠠᠲᠤᠲᠠᠢ | ᠬᠡᠷᠡᠭᠵᠢᠭᠦᠯᠬᠦ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠰᠠᠬᠢᠯᠭ᠎ᠠ ᠪᠠᠲᠤ ᠶᠢ ᠰᠠᠬᠢᠬᠤ ᠳᠣᠲᠣᠭᠠᠳᠤ ᠶᠢᠨ ᠤᠬᠠᠮᠰᠠᠷ ᠢᠶᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ ᠠᠷᠭ᠎ᠠ | ᠬᠡᠮᠵᠢᠶ᠎ᠡ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠨᠠᠮ ᠤᠨ ᠡᠭᠦᠷ ᠤᠨ ᠱᠦᠵᠢ ᠤᠷᠢᠳᠠᠪᠠᠷ ᠰᠤᠷᠤᠯᠴᠠᠵᠤ᠂ ᠨᠡᠩ | ᠭᠦᠨᠵᠡᠭᠡᠢ ᠰᠤᠷᠤᠯᠴᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ | ᠬᠡᠯᠪᠡᠷᠢ ᠶᠢ ᠰᠠᠶᠢᠲᠤᠷ ᠬᠡᠷᠡᠭᠯᠡᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ | ᠪᠠᠶᠢᠭᠠᠳ ᠭᠤᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ | ᠡᠵᠡᠮᠰᠢᠭᠦᠯᠬᠦ ᠬᠡᠷᠡᠭᠲᠡᠢ᠃ ᠭᠤᠷᠪᠠ ᠳᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ | ᠵᠢᠯᠤᠭᠤᠳᠤᠯᠭ᠎ᠠ ᠶᠢ ᠰᠠᠶᠢᠲᠤᠷ ᠬᠢᠵᠦ᠂ ᠠᠵᠢᠯ ᠤᠨ ᠬᠢᠨᠠᠨ ᠵᠢᠯᠤᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠣᠯᠠᠨ ᠢᠶᠠᠷ ᠢᠶᠠᠨ᠂ ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠠᠭᠤᠯᠭ᠎ᠠ ᠳᠤ ᠨᠠᠩ ᠭᠦᠨᠵᠡᠭᠡᠶ | ᠣᠶᠢᠯᠠᠭᠠᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠰᠠᠬᠢᠯᠭ᠎ᠠ ᠪᠠᠲᠤ ᠶᠢᠨ | ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠪᠡᠶ᠎ᠡ ᠪᠠᠨ ᠵᠠᠰᠠᠵᠤ ᠪᠡᠶ᠎ᠡ ᠪᠠᠨ ᠱᠠᠭᠠᠷᠳᠠᠬᠤ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷ ᠪᠣᠯᠣᠨ᠎ᠠ ᠭᠡᠵᠦ ᠢᠯᠡᠳᠬᠡᠵᠡᠭᠡᠪᠡ᠃ | | ᠵᠣᠬᠢᠶ᠋ᠬᠠᠴᠢ᠄ ᠵᠡᠭᠡᠷᠡᠲᠦ ᠬᠤᠲᠠ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |