| ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠭᠡᠰᠢᠭᠦᠨ | ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠪᠦᠬᠦ ᠪᠠᠯᠭᠠᠰᠤᠨ ᠤ | ᠨᠠᠮ ᠤᠨ ᠭᠡᠰᠢᠭᠦᠨ ᠤ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ | ᠰᠠᠬᠢᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠣᠶᠢᠷ᠎ᠡ ᠶᠢᠨ ᠡᠳᠦᠷ ᠂ ᠵᠡᠭᠡᠷᠡᠲᠦ ᠬᠤᠲᠠ ᠪᠠᠯᠭᠠᠰᠤ ᠪᠥᠬᠦ | ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ | ᠪᠠᠶᠢᠭᠤᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃ | | | | | ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ | ᠺᠠᠳ᠋ᠷᠴᠤᠳ ᠨᠢᠭᠡ ᠤᠳᠠᠭᠠᠨ ᠤ ᠰᠠᠬᠢᠯᠭ᠎ᠠ ᠪᠠᠲᠤ ᠶᠢᠨ ᠬᠥᠮᠦᠵᠢᠯ ᠪᠠ ᠣᠶᠤᠨ ᠰᠠᠨᠠᠭᠠᠨ ᠤ ᠳᠠᠪᠲᠠᠯᠲᠠ ᠶᠢ | ᠬᠦᠯᠢᠶᠡᠵᠦ᠂ ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠴᠠᠭ ᠢᠮᠠᠭᠲᠠ ᠰᠡᠷᠡᠮᠵᠢ ᠶᠢᠨ | ᠬᠤᠩᠬᠤ ᠶᠢ ᠳᠤᠤᠭᠠᠷᠭᠠᠵᠤ᠂ ᠦᠨᠡᠨ ᠬᠦ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ | ᠰᠠᠬᠢᠯᠭ᠎ᠠ ᠪᠠᠲᠤ ᠶᠢ ᠰᠠᠬᠢᠵᠤ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ᠂ ᠤᠯᠠᠭᠠᠨ ᠱᠤᠭᠤᠮ ᠢ ᠪᠠᠲᠤ ᠰᠠᠬᠢᠵᠤ᠂ ᠦᠨᠡᠨᠴᠢ | ᠰᠢᠳᠤᠷᠭᠤ᠂ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠦᠨᠡᠨ ᠬᠦ ᠪᠡᠶᠡᠯᠡᠬᠦᠯᠥᠨ᠎ᠡ ᠭᠡᠵᠦ ᠢᠯᠡᠳᠬᠡᠵᠡᠭᠡᠪᠡ᠃ | | | | | | | ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |