| ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠶᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ᠶᠢ ᠠᠬᠢᠭᠤᠯᠬᠤ ᠶᠢᠨ ᠲᠥᠯᠥᠭᠡ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ᠃ 6 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ ︽ᠲᠡᠯᠭᠡᠬᠦ ᠦᠵᠡᠬᠦᠯᠬᠦ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ | ᠪᠣᠯᠬᠤ ᠪᠠᠷ ᠴᠢᠷᠮᠠᠶᠢᠬᠤ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠠᠵᠢᠯᠯᠠᠭ᠎ᠠ ᠵᠡᠭᠡᠷᠡᠲᠦ ᠬᠤᠲᠠ | ᠪᠠᠯᠭᠠᠰᠤᠨ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠬᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠭᠤᠤᠯ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠤ ᠨᠠᠮ ᠤᠨ | ᠬᠤᠷᠢᠶ᠎ᠠ ᠶᠢᠨ ᠱᠦᠵᠢ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠩ ᠲᠡᠷᠢᠭᠦᠨ ᠳᠤ ᠵᠡᠭᠡᠷᠡᠲᠦ ᠬᠤᠲᠠ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠳᠠᠷᠠᠭ᠎ᠠ ᠨᠢ | ᠭᠤᠸᠠᠩ ᠴᠠᠩ ᠯᠦᠩ ᠲᠣᠰᠬᠤᠨ ᠤ ᠨᠠᠮ ᠤᠨ ᠡᠭᠦᠷ ᠤᠨ ᠱᠦᠵᠢ ᠹᠠᠨ ᠭᠧᠨ ᠪᠦᠦ ᠪᠣᠯᠤᠨ ᠪᠣᠮᠪᠤ ᠲᠣᠰᠬᠤᠨ ᠤ | ᠨᠠᠮ ᠤᠨ ᠡᠭᠦᠷ ᠤᠨ ᠱᠦᠵᠢ ᠯᠢᠶᠠᠨ ᠶᠢᠨ ᠬᠦᠢ ᠲᠤᠰ ᠲᠤᠰ ᠤᠨ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠠᠯ᠎ᠠ ᠪᠠᠷ ᠬᠠᠷᠢᠭᠤ | ᠮᠡᠳᠡᠭᠦᠯᠦᠯᠲᠡ ᠬᠢᠵᠡᠢ᠃ | | | | | ᠲᠣᠭᠤᠷᠢᠨ ᠦᠵᠡᠬᠦ ᠳᠤᠭᠤᠶᠢᠯᠠᠩ ᠤᠨ ᠬᠢᠨ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠠᠷᠢᠶ᠎ᠠ ᠠᠶᠢᠯ | ᠲᠣᠰᠬᠤᠨ ᠢ ᠲᠣᠬᠢᠶᠠᠯᠳᠤᠯ ᠢᠶᠠᠷ ᠰᠣᠩᠭᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠣᠰᠬᠤᠨ ᠤ ᠳᠦᠷᠰᠦ | ᠪᠠᠶᠢᠳᠠᠯ ᠵᠡᠷᠭᠡ ᠣᠯᠠᠨ ᠲᠠᠯ᠎ᠠ ᠪᠠᠷ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠬᠦ ᠶᠢᠨ ᠬᠠᠮᠲᠤ ᠬᠠᠮᠢᠶ᠎ᠠ | ᠪᠥᠬᠦᠶ ᠮᠠᠲ᠋ᠧᠷᠢᠶᠠᠯ ᠢ ᠰᠢᠯᠵᠢᠭᠦᠯᠦᠨ ᠦᠵᠡᠪᠡ᠃ | | | | | ᠳᠠᠷᠠᠭᠠᠴᠢ ᠶᠢᠨ ᠠᠯᠬᠤᠮ ᠳᠤ᠂ ᠵᠡᠭᠡᠷᠡᠲᠦ ᠬᠤᠲᠠ ᠪᠠᠯᠭᠠᠰᠤ ᠲᠤᠰ ᠤᠳᠠᠭᠠᠨ ᠤ ᠠᠵᠢᠯᠯᠠᠭ᠎ᠠ ᠪᠠᠷ ᠠᠵᠠ | ᠲᠣᠬᠢᠶᠠᠯ ᠪᠣᠯᠭᠠᠵᠤ᠂ ᠺᠠᠳ᠋ᠷᠴᠤᠳ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠢᠷᠠᠭᠤ ᠠᠯᠳᠠᠷᠲᠤ | ᠰᠡᠳᠬᠢᠯᠭᠡ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ | ᠬᠥᠭᠵᠢᠭᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ | ᠪᠠ ᠲᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ | ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ | | | | | | ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠤᠷᠴᠢᠭᠤᠯᠣᠨ ᠨᠠᠶᠢᠷᠠᠭᠤᠯᠣᠨᠨᠴᠢ᠄ ᠪᠣᠤ ᠬᠤᠩ ᠯᠢᠶᠡᠩ |