ᠬᠦᠷᠢᠶ᠎ᠡ ᠰᠤᠮᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
                  ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢᠨ ᠲᠤᠰᠠᠳᠠ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠳᠣᠤᠷᠠᠬᠢ ᠤᠰᠤᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠬᠠᠷᠠᠯᠲᠠ ᠶᠢ ᠪᠡᠶᠡᠯᠡᠭᠦᠯᠦᠨ᠎ᠡ᠃ 5 ᠰᠠᠷ᠎ᠠ ᠶᠢᠨ 30 ᠤ ᠡᠳᠦᠷ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠲᠠᠩ ᠵᠢᠶᠦ᠋ᠨ ᠯᠢᠨ ᠨᠡᠷ ᠬᠦᠷᠢᠶ᠎ᠡ ᠰᠤᠮᠤ ᠳᠤ ᠭᠦᠨᠵᠡᠭᠡᠶᠢᠷᠡᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃

      ᠬᠤᠷᠠᠯ ᠠᠴᠠ᠂ ᠣᠳᠣᠬᠠᠨ ᠤ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ

ᠲᠣᠪᠤᠶᠢᠮ᠎ᠠ ᠪᠠᠶᠢᠭ᠎ᠠ ᠪᠠᠶᠢᠳᠠᠯ ᠳᠤ ᠰᠠᠭᠤᠷᠢᠯᠠᠨ᠂ ᠡᠯ᠎ᠡ ᠭᠠᠴᠠᠭ᠎ᠠ ᠣᠶᠢᠷ᠎ᠠ ᠶᠢᠨ ᠬᠤᠭᠤᠴᠠᠭᠠᠨ ᠳᠤ ᠤᠰᠤᠯᠠᠯᠲᠠ ᠶᠢᠨ

ᠬᠤᠳᠳᠤᠭ ᠤᠨ ᠲᠤᠭ᠎ᠠ ᠬᠡᠮᠵᠢᠶ᠎ᠡ᠂ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠭᠰᠠᠨ ᠮᠥᠷᠲᠡᠭᠡᠨ ᠬᠡᠪ ᠤᠨ

ᠶᠣᠰᠣᠭᠠᠷ ᠬᠡᠷᠡᠭᠯᠡᠭᠰᠡᠨ ᠡᠰᠡᠬᠦ ᠵᠢᠴᠢ ᠤᠰᠤᠨ ᠬᠤᠳᠳᠤᠭ ᠲᠤ ᠤᠰᠤ ᠠᠪᠬᠤ ᠬᠢᠷᠢ ᠬᠡᠮ ᠤᠨ ᠭᠡᠷᠡᠴᠢ ᠪᠠᠶᠢᠬᠤ

ᠡᠰᠡᠬᠦ ᠶᠢ ᠴᠢᠩᠭ᠎ᠠ ᠵᠢᠭᠰᠠᠭᠠᠨ ᠪᠠᠶᠢᠴᠠᠭᠠᠵᠤ᠂ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ  ᠢᠶᠠᠨ  

ᠴᠢᠩᠭᠠᠷᠠᠭᠤᠯᠤᠨ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠤᠰᠤ ᠠᠷᠪᠢᠯᠠᠵᠤ

ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃

      ᠲᠠᠷᠠᠭᠠᠴᠢ ᠶᠢᠨ ᠠᠯᠬᠤᠮ ᠳᠤ᠂ ᠬᠦᠷᠢᠶ᠎ᠡ ᠰᠤᠮᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ

ᠥᠬᠡᠶ ᠬᠦᠭᠵᠢᠯᠳᠡ ᠶᠢ ᠪᠠᠷᠢᠮᠲᠠᠯᠠᠵᠤ᠂ ᠬᠠᠮᠢᠶᠠᠷᠴᠤ ᠬᠠᠮᠠᠭᠠᠯᠠᠬᠤ ᠠᠵᠢᠯᠲᠠᠨ ᠤ ᠬᠠᠷᠢᠭᠤᠴᠠᠯᠭᠠᠲᠤ ᠤᠬᠠᠮᠰᠠᠷ ᠪᠠ

ᠬᠠᠮᠢᠶᠠᠷᠤᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠶᠠᠷᠢᠶ᠎ᠠ ᠬᠡᠯᠡᠯᠴᠡᠭᠡ ᠪᠠᠷ ᠬᠥᠲᠥᠯᠦᠨ

ᠵᠢᠯᠣᠭᠤᠳᠬᠤ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ

ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠭᠡᠷᠡᠴᠢᠯᠡᠯᠲᠡ ᠶᠢᠨ ᠡᠭᠦᠷᠭᠡ ᠪᠠᠨ

ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃

              ᠵᠣᠬᠢᠶᠠᠭᠴᠢ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ

              ᠣᠷᠴᠢᠭᠤᠯᠣᠨᠨᠴᠢ᠄  ᠭᠧ ᠲᠣᠸᠠᠨ ᠯᠢᠶᠡᠨ

           

 
ᠢᠷᠡᠯᠲᠡ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号