ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 6 ᠳ᠋ᠤᠭᠠᠷ ᠤᠳᠠᠭᠠᠨ ᠤ ᠲᠥᠪᠯᠡᠷᠡᠩᠭᠦᠶ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/6/5
             6 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 6 ᠤᠳᠠᠭ᠎ᠠ ᠶᠢᠨ ᠲᠥᠪᠯᠡᠷᠡᠩᠭᠦᠢ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠣᠭᠤᠷᠢᠨ ᠰᠣᠨᠣᠰᠬᠤ ᠰᠤᠯᠠ ᠰᠣᠨᠣᠰᠬᠤ ᠭᠤᠷᠪᠠᠳᠤᠭᠠᠷ ᠳᠤᠭᠤᠶᠢᠯᠠᠩ ᠤᠨ ᠳᠠᠷᠤᠭ᠎ᠠ᠂ ᠤᠯᠠᠭᠠᠨᠴᠠᠪ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠲᠡᠷᠢᠭᠦᠯᠡᠭᠴᠢ ᠼᠤᠤ ᠯᠢ ᠬᠤᠷᠠᠯ ᠳᠤ ᠣᠷᠣᠯᠴᠠᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ

ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ

ᠬᠢᠵᠦ᠂ ᠼᠤᠤ ᠯᠢ ᠦᠨᠡᠯᠡᠯᠲᠡ ᠬᠢᠵᠦ ᠶᠠᠷᠢᠶ᠎ᠠ ᠲᠠᠯᠪᠢᠪᠠ᠃

      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠡᠷᠡ ᠶᠣᠰᠣᠭᠠᠷ ᠨᠢ ᠰᠠᠶᠢᠲᠤᠷ

ᠠᠳᠬᠤᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠰᠠᠬᠢᠯᠭ᠎ᠠ

ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠨᠢᠭᠡ

ᠰᠡᠳᠬᠢᠯ ᠢᠶᠠᠷ ᠰᠠᠬᠢᠯᠭ᠎ᠠ ᠪᠠᠲᠤ ᠶᠢ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ  ᠢ ᠣᠶᠢᠯᠠᠭᠠᠬᠤ  

ᠦᠭᠡᠢ᠂ ᠡᠵᠡᠮᠰᠢᠬᠦ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ  ᠬᠡᠷᠡᠭᠲᠡᠢ᠃ ᠰᠠᠬᠢᠯᠭ᠎ᠠ ᠪᠠᠲᠤ ᠶᠢ

ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ

ᠪᠣᠯᠬᠤ᠂ ᠶᠠᠭᠤ ᠶᠢ ᠬᠢᠵᠦ ᠪᠣᠯᠬᠤ ᠦᠭᠡᠢ ᠭᠡᠳᠡᠭ ᠢ ᠲᠣᠳᠣᠷᠬᠠᠢ ᠣᠶᠢᠯᠠᠭᠠᠬᠤ  ᠬᠡᠷᠡᠭᠲᠡᠢ᠃ ᠰᠤᠷᠲᠠᠯ ᠢ ᠴᠡᠭᠴᠡᠯᠡᠨ

ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠥᠪ ᠴᠢᠩᠭ᠎ᠠ ᠴᠢᠨᠠᠷ ᠢ ᠦᠨᠡᠨ

ᠬᠦ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ

ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠶᠠᠩ ᠯᠢ ᠮᠧᠶ᠂ ᠯᠢ ᠶᠢᠨ ᠵᠢᠴᠢ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂

ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ

ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠯᠢ ᠱᠦ ᠵᠢᠶᠦ᠋ᠨ᠂ ᠬᠤᠰᠢᠭᠤᠨ ᠤ ᠨᠠᠮ ᠤᠨ

ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ᠬᠠᠷᠢᠭᠤᠴᠠᠯᠭᠠᠲᠠᠨ ᠪᠣᠯᠤᠨ ᠬᠠᠮᠢᠶ᠎ᠠ

ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

            ᠰᠤᠷᠪᠤᠯᠵᠢᠯᠠᠭᠴᠢ᠄ ᠸᠠᠩ ᡁᠢ ᠹᠠᠩ     ᠱᠠᠨ ᠮᠢᠶᠣᠣ

            ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号