ᠭᠤᠤ ᠰᠧᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 17 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
             6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 17 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃

     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ

ᠰᠠᠨᠠᠭ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ

ᠶᠡᠷᠦᠩᠬᠡᠢ ᠱᠦᠵᠢ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢ ᠤᠯᠠᠮᠵᠢᠯᠠᠨ

ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ

ᠰᠠᠨᠠᠭ᠎ᠠ ᠶᠢ ᠤᠯᠠᠮᠵᠢᠯᠠᠪᠠ᠃

      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾

 ᠢ ᠬᠡᠷᠡᠭᠵᠢᠭᠦᠯᠬᠦ ᠬᠡᠷᠡᠭᠲᠡᠶ᠃ ᠨᠠᠮ ᠤᠨ ᠰᠤᠷᠭᠠᠭᠤᠯᠢ ᠨᠢ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠬᠦ ᠪᠠᠶᠢᠭᠤᠯᠤᠮᠵᠢ

ᠪᠣᠯᠤᠭᠰᠠᠨ ᠤ ᠬᠤᠪᠢ ᠳᠤ᠂ ᠰᠤᠷᠭᠠᠭᠤᠯᠢ ᠶᠢᠨ ᠶᠠᠰᠤ ᠴᠢᠨᠠᠷ ᠢ ᠴᠢᠩᠭ᠎ᠠ ᠵᠠᠰᠠᠵᠤ ᠰᠤᠷᠭᠠᠭᠤᠯᠢ ᠪᠠᠶᠢᠭᠤᠯᠬᠤ ᠶᠢ

ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠠᠢ ᠤᠶᠠᠯᠳᠤᠭᠤᠯᠤᠨ᠂

ᠰᠤᠷᠤᠯᠴᠠᠬᠤ ᠰᠤᠷᠲᠠᠯ ᠰᠤᠷᠭᠠᠭᠤᠯᠢ ᠶᠢᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠷᠣᠭᠵᠢᠭᠤᠨ ᠠᠷᠢᠭᠤᠨ

ᠴᠢᠬᠡᠴᠢ ᠰᠢᠯᠢᠳᠡᠭ ᠰᠤᠷᠭᠠᠭᠤᠯᠢ ᠶᠢᠨ ᠰᠤᠷᠲᠠᠯ ᠢ ᠪᠤᠶᠢᠵᠢᠭᠤᠯᠤᠨ ᠪᠠᠳᠠᠷᠠᠭᠤᠯᠬᠤ ᠬᠡᠷᠡᠭᠲᠡᠢ᠃ ᠨᠠᠮ ᠤᠨ ᠰᠤᠷᠭᠠᠭᠤᠯᠢ ᠨᠢ

ᠨᠠᠮ ᠤᠨ ᠦᠨᠳᠦᠰᠦᠨ ᠵᠠᠷᠴᠢᠮ ᠢ ᠪᠠᠲᠤ ᠴᠡᠭᠡᠵᠢᠯᠡᠵᠦ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢ ᠰᠤᠷᠤᠯᠴᠠᠨ

ᠰᠤᠳᠤᠯᠬᠤ ᠪᠠ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ

ᠰᠤᠳᠤᠯᠭᠠᠨ᠂ ᠴᠢᠳᠠᠪᠤᠷᠢᠲᠠᠨ ᠤ ᠡᠩᠨᠡᠭᠡ᠂ ᠬᠠᠮᠢᠶᠠᠷᠤᠯᠲᠠ ᠦᠢᠯᠡᠴᠢᠯᠡᠭᠡ ᠵᠡᠷᠭᠡ ᠥᠭᠡᠷᠡᠴᠢᠯᠡᠯᠲᠡ ᠬᠢᠵᠦ ᠰᠢᠨ᠎ᠡ ᠶᠢ

ᠡᠭᠦᠳᠬᠦ ᠶᠢ ᠭᠦᠨᠵᠡᠭᠡᠶᠢᠷᠡᠭᠦᠯᠵᠦ᠂ ᠺᠠᠳ᠋ᠷ ᠢ ᠬᠥᠮᠦᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠦᠨᠡᠨ ᠬᠦ

ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠶᠠᠩ ᠯᠢ ᠮᠧᠶ᠂ ᠯᠢ ᠶᠢᠨ ᠵᠢᠴᠢ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ

ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ

ᠣᠷᠣᠯᠴᠠᠵᠠᠶ᠃

 

        ᠰᠤᠷᠪᠤᠯᠵᠢᠯᠠᠭᠴᠢ᠄ ᠵᠠᠩ ᠵᠢᠤᠸᠠᠨ    ᠭᠤᠤ ᠸᠧᠶ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号