ᠭᠤᠤ ᠰᠧᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 20 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
    7 ᠰᠠᠷ᠎ᠠ ᠶᠢᠨ 18 ᠤ ᠡᠳᠦᠷ᠂ ᠭᠤᠤ ᠰᠧᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 20 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃

     ᠬᠤᠷᠠᠯ ᠠᠴᠠ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ

ᠰᠤᠷᠤᠯᠴᠠᠵᠤ᠂ ︽ᠪᠥᠬᠦ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠤᠴᠢᠷ ᠶᠠᠪᠤᠳᠠᠯ ᠢ ᠰᠤᠳᠤᠯᠬᠤ︾ ᠬᠤᠷᠠᠯ ᠤᠨ

ᠲᠣᠪᠴᠢ ᠲᠡᠮᠳᠡᠭᠯᠡᠯ᠂ ︽ᠰᠦᠨ ᠱᠣᠤ ᠴᠧᠩ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭᠠᠨ ᠤ ᠭᠤᠤᠯᠳᠠᠯᠭ᠎ᠠ ᠲᠠᠢ

ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2023

ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ

ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ

ᠵᠣᠯᠭᠠᠭᠤᠯᠵᠤ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ

ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠷᠤᠯᠴᠠᠨ ᠬᠢᠨᠠᠨ ᠵᠥᠪᠯᠡᠪᠡ᠃

     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ

ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠲᠦᠷᠦᠭᠦᠯᠡᠨ

ᠬᠡᠷᠡᠭᠵᠢᠭᠦᠯᠬᠦ ᠪᠠᠷ ᠳᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠶ

ᠠᠳᠬᠤᠵᠤ᠂ ᠴᠡᠭ ᠠᠴᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠪᠥᠬᠦ

ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠤᠨ ᠡᠪᠬᠡᠮᠡᠯ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂

ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠰᠥᠰᠥ ᠵᠣᠷᠢᠭ ᠪᠠ ᠡᠭᠦᠷᠭᠡᠯᠡᠯ ᠢᠶᠠᠷ ᠬᠥᠭᠵᠢᠯᠲᠡ ᠶᠢᠨ ᠬᠦᠴᠢᠷ

ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠶ᠃

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ

ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠣᠨᠳᠣᠣ ᠭᠠᠵᠠᠷ ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ

ᠣᠷᠣᠨ ᠪᠠ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ᠂ ᠡᠪᠡᠳᠴᠢᠨ ᠪᠠ ᠭᠠᠮᠰᠢᠭ ᠠᠴᠠ ᠪᠣᠯᠵᠣ ᠠᠮᠢᠳᠤᠷᠠᠯ

ᠬᠦᠴᠢᠷᠳᠡᠯᠲᠡᠶ ᠣᠯᠠᠨ ᠲᠦᠮᠡᠨ ᠵᠡᠷᠭᠡ ᠳᠤ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠤᠨ ᠳᠡᠭᠡᠭᠰᠢᠯᠡᠯᠲᠡ ᠶᠢ ᠠᠬᠢᠭᠤᠯᠵᠤ᠂ ᠬᠠᠪᠰᠤᠷᠤᠨ ᠲᠡᠳᠬᠦᠬᠦ ᠠᠵᠤ

ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠶ

ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠦᠨᠳᠦᠰᠦᠨ ᠱᠠᠲᠤᠨ ᠤ

ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠢᠳᠡᠪᠬᠢᠲᠡᠶ ᠥᠷᠨᠢᠭᠦᠯᠵᠦ᠂ ᠡᠷᠬᠡ ᠬᠠᠷᠢᠭᠤᠴᠠᠯᠭ᠎ᠠ ᠠᠳᠠᠯᠢ

ᠪᠠᠶᠢᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢ

ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠢᠯᠡᠷᠡᠭᠦᠯᠬᠦ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂

ᠴᠡᠭᠴᠡᠯᠡᠨ ᠵᠠᠰᠠᠵᠤ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠦᠨᠳᠦᠰᠦᠨ

ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠲᠦᠮᠵᠢᠲᠡᠶ

ᠳᠡᠭᠡᠭᠰᠢᠯᠡᠭᠦᠯᠬᠦ ᠬᠡᠷᠡᠭᠲᠡᠶ᠃

      ᠶᠠᠩ ᠯᠢ ᠮᠧᠶ᠂ ᠯᠢ ᠶᠢᠨ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ

ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ

ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 

          ᠰᠤᠷᠪᠤᠯᠵᠢᠯᠠᠭᠴᠢ᠄ ᠵᠠᠩ ᠹᠸᠢ ᠢᠦᠢ   ᠵᠠᠩ ᠰᠢᠶᠤᠤ ᠳ᠋ᠦᠩ

          ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号