ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠴᠢᠩᠭᠠᠳᠬᠠᠵᠤ  ᠵᠤᠨ ᠤ ᠤᠯᠠᠷᠢᠯ ᠤᠨ ᠵᠢᠭᠤᠯᠴᠢᠯᠠᠯ ᠤᠨ ᠣᠷᠭᠢᠯ ᠢ ᠯᠠᠪᠳᠠᠭᠤᠨ ᠪᠠᠲᠤᠲᠠᠶ ᠠᠷᠭᠠᠴᠠᠭᠠᠨ᠎ᠠ
ᠨᠡᠶᠢᠲᠡᠯᠡᠭᠰᠡᠨ ᠴᠠᠭ᠄
2024/7/22
         ᠵᠤᠨ ᠤ ᠤᠯᠠᠷᠢᠯ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠳᠡᠨᠰᠢᠯᠢ ᠶᠢᠨ ᠲᠠᠯ᠎ᠠ ᠨᠤᠲᠤᠭ ᠨᠣᠭᠤᠭᠠᠷᠠᠨ ᠬᠦᠬᠡᠷᠡᠵᠦ᠂ ᠴᠡᠴᠡᠭ ᠬᠤᠸᠠᠷ ᠮᠢᠷᠠᠯᠵᠠᠵᠤ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠤᠨ ᠣᠷᠭᠢᠯ ᠤᠨ ᠬᠤᠭᠤᠴᠠᠭ᠎ᠠ ᠶᠢ ᠤᠭᠲᠤᠨ ᠠᠪᠴᠢᠷᠠᠯ᠎ᠠ᠃ ᠵᠢᠭᠤᠯᠴᠢᠳ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠡᠳ᠋ᠯᠡᠬᠦ ᠶᠢᠨ ᠬᠠᠮᠲᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠣᠷᠣᠯᠴᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠵᠤᠭᠠᠴᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠵᠤᠭᠠᠴᠠᠭᠰᠠᠳ ᠤᠨ ᠪᠠᠶᠠᠷ ᠪᠠᠶᠠᠰᠬᠤᠯᠠᠩᠲᠤ ᠵᠢᠭᠤᠯᠴᠢᠯᠠᠯ ᠢ ᠬᠠᠮᠠᠭᠠᠯᠠᠨ᠎ᠠ᠃

     7 ᠰᠠᠷ᠎ᠠ ᠶᠢᠨ 19 ᠤ ᠡᠳᠦᠷ᠂ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠰᠣᠶᠣᠯ

ᠵᠢᠭᠤᠯᠴᠢᠯᠠᠯ ᠤᠨ ᠳᠣᠪᠴᠢᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠣᠯᠬᠦᠢ ᠦᠢᠯᠡᠳᠪᠦᠷᠢᠯᠡᠯ ᠤᠨ

ᠪᠠᠶᠢᠴᠠᠭᠠᠯᠳᠠ ᠬᠢᠪᠡ᠃ ᠦᠵᠡᠮᠵᠢ ᠶᠢᠨ ᠣᠷᠣᠨ ᠤ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ

ᠪᠦᠬᠦ ᠲᠠᠯ᠎ᠠ ᠪᠠᠷ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ

ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠶᠠᠰᠤ ᠴᠢᠨᠠᠷ ᠢ

ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ

ᠦᠨᠡᠨᠬᠦ ᠪᠠᠲᠤᠯᠠᠨ᠎ᠠ᠃

     ᠪᠠᠶᠢᠴᠠᠭᠠᠬᠤ ᠳᠤᠭᠤᠶᠢᠯᠠᠩ ᠤᠨ ᠬᠢᠨ ᠦᠵᠡᠮᠵᠢ ᠶᠢᠨ ᠣᠷᠣᠨ ᠤ ᠠᠮᠤᠷ ᠲᠦᠪᠰᠢᠨ ᠤ ᠭᠠᠯ ᠤᠨᠲᠠᠷᠠᠭᠠᠬᠤ

ᠲᠥᠬᠦᠭᠡᠷᠦᠮᠵᠢ ᠶᠢ ᠲᠣᠬᠢᠷᠠᠭᠤᠯᠬᠤ᠂ ᠦᠵᠡᠮᠵᠢ ᠶᠢᠨ ᠣᠷᠣᠨ ᠤ ᠮᠣᠳᠣᠨ ᠬᠥᠭᠦᠷᠭᠡᠨ ᠵᠠᠮ᠂ ᠬᠦᠷᠢᠶ᠎ᠡ ᠬᠠᠰᠢᠶ᠎ᠠ᠂

ᠳᠡᠭᠦᠵᠢᠩ ᠵᠠᠮ ᠵᠡᠷᠭᠡ ᠲᠠᠯ᠎ᠠ ᠪᠠᠷ ᠪᠦᠬᠦ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠵᠦ᠂ ᠪᠠᠶᠢᠴᠠᠭᠠᠬᠤ

ᠶᠠᠪᠤᠴᠠ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ

ᠵᠢᠷᠤᠮᠯᠠᠨ᠂ ᠢᠯᠡᠷᠡᠭᠦᠯᠦᠭᠰᠡᠨ ᠠᠰᠠᠭᠤᠳᠠᠯ ᠤᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ

ᠬᠡᠷᠡᠭᠲᠡᠢ ᠭᠡᠵᠦ ᠱᠠᠭᠠᠷᠳᠠᠭᠰᠠᠨ ᠪᠥᠭᠡᠳ ᠦᠵᠡᠮᠵᠢ ᠶᠢᠨ ᠣᠷᠣᠨ ᠢ ᠠᠮᠤᠷ ᠲᠦᠪᠰᠢᠨ ᠤ ᠭᠤᠣᠯ ᠴᠣᠭᠴᠠ ᠶᠢᠨ

ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂

ᠵᠤᠭᠠᠴᠠᠭᠰᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠦᠵᠡᠮᠵᠢ ᠶᠢᠨ ᠣᠷᠣᠨ ᠤ

ᠠᠵᠢᠯᠯᠠᠭᠠᠨ ᠤ ᠠᠮᠤᠷ ᠲᠦᠪᠰᠢᠨ ᠢ ᠪᠠᠲᠤᠯᠠᠵᠤ᠂ ᠥᠷᠭᠡᠨ ᠤᠯᠠᠨ ᠵᠤᠭᠠᠴᠠᠭᠰᠠᠳ ᠲᠤ ᠠᠮᠤᠷ ᠲᠦᠪᠰᠢᠨ᠂ ᠡᠶ᠎ᠡ

ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ

ᠬᠡᠷᠡᠭᠲᠡᠢ ᠭᠡᠵᠦ ᠱᠠᠭᠠᠷᠳᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠡᠳ᠋

ᠲᠣᠪᠴᠢᠶᠠᠨ ᠳᠠᠷᠤᠭ᠎ᠠ ᠵᠠᠩ ᠢᠦᠶ᠄ ︽ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠨᠢ

ᠪᠣᠳᠠᠲᠤ ᠠᠵᠢᠯᠯᠠᠭ᠎ᠠ ᠪᠠᠷ ᠢᠶᠠᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ

ᠴᠢᠩᠭᠠᠳᠬᠠᠵᠤ᠂ ᠡᠵᠡᠩᠨᠡᠯᠲᠡ ᠶᠢᠨ ᠲᠠᠯᠠᠪᠤᠷ ᠵᠢᠴᠢ ᠵᠢᠭᠤᠯᠴᠢᠯᠠᠭᠴᠢᠳ ᠤᠨ ᠠᠮᠤᠷ ᠲᠦᠪᠰᠢᠨ ᠢ ᠦᠨᠡᠨ ᠬᠦ

ᠪᠠᠲᠤᠯᠠᠵᠤ᠂ ᠪᠥᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠴᠡᠴᠡᠭᠯᠡᠨ ᠬᠥᠭᠵᠢᠬᠦ ᠳᠤ ᠪᠠᠲᠤ ᠪᠠᠬᠢ ᠠᠮᠤᠷ

ᠲᠦᠪᠰᠢᠨ ᠤ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ︾ ᠭᠡᠯ᠎ᠡ᠃

    ᠣᠳᠣᠬᠠᠨ ᠳᠤ ᠶᠠᠭ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠪᠠᠶᠢᠵᠤ᠂ ᠮᠠᠨ ᠤ ᠬᠤᠰᠢᠭᠤᠨ ᠤ

ᠵᠢᠭᠤᠯᠴᠢᠯᠠᠭᠴᠢᠳ ᠡᠳᠦᠷ ᠢᠷᠡᠬᠦᠶ᠎ᠡ ᠨᠡᠮᠡᠭᠳᠡᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ

ᠵᠢᠭᠤᠯᠴᠢᠯᠠᠯ ᠤᠨ ᠲᠣᠪᠴᠢᠶ᠎ᠠ ᠡᠳᠦᠷ ᠲᠤᠲᠤᠮ ᠤᠨ ᠪᠠᠶᠢᠴᠠᠭᠠᠯᠲᠠ ᠪᠠ ᠱᠠᠭᠠᠷᠳᠠᠨ ᠵᠢᠯᠣᠭᠤᠳᠬᠤ ᠤᠳᠠᠭ᠎ᠠ ᠪᠠᠨ

ᠨᠡᠮᠡᠭᠳᠡᠭᠦᠯᠵᠦ᠂ ᠠᠵᠤ ᠠᠬᠤᠶᠢᠯᠠᠯ ᠤᠨ ᠠᠶᠤᠯᠭᠦᠶ  ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠬᠤ ᠶᠢᠨ ᠬᠠᠮᠲᠤ ᠡᠵᠡᠩᠨᠡᠯᠲᠡ ᠶᠢᠨ ᠥᠮᠴᠢᠲᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ

ᠤᠬᠠᠮᠰᠠᠷ ᠢᠶᠠᠨ ᠴᠢᠩᠭᠠᠳᠬᠠᠵᠤ᠂ ᠦᠵᠡᠮᠵᠢ ᠶᠢᠨ ᠣᠷᠣᠨ ᠤ ᠦᠢᠯᠡᠴᠢᠯᠡᠬᠡᠨ ᠤ ᠶᠠᠰᠤ ᠴᠢᠨᠠᠷ ᠢ ᠲᠠᠰᠤᠷᠠᠯᠲᠠ ᠥᠬᠡᠶ

ᠳᠡᠭᠡᠭᠰᠢᠯᠡᠭᠦᠯᠵᠦ᠂ ᠵᠢᠭᠤᠯᠴᠢᠯᠠᠭᠴᠢᠳ ᠲᠤ ᠠᠮᠤᠷ ᠲᠦᠪᠰᠢᠨ ᠡᠮᠬᠢ ᠵᠢᠷᠤᠮ ᠲᠠᠢ ᠵᠢᠭᠤᠯᠴᠢᠯᠠᠯ ᠤᠨ ᠵᠠᠬ᠎ᠠ

ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃

   

       ᠰᠣᠷᠪᠣᠯᠵᠢᠯᠬᠠᠴᠢ᠄  ᠵᠠᠩ ᠵᠢᠤᠸᠠᠨ    ᠭᠤᠤ ᠸᠧᠢ

       ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号