ᠵᠡᠭᠡᠷᠡᠲᠦ ᠬᠤᠲᠠ ᠪᠠᠯᠭᠠᠰᠤ ᠪᠥᠬᠦ ᠪᠠᠯᠭᠠᠰᠤᠨ ᠤ ᠨᠠᠮ ᠤᠨ ᠭᠡᠰᠢᠭᠦᠨ ᠤ ᠬᠥᠮᠦᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/7/24
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠤᠬᠠᠮᠰᠠᠷ ᠪᠠ ᠨᠠᠮᠴᠢ ᠴᠢᠨᠠᠷ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠵᠡᠭᠡᠷᠡᠲᠦ ᠬᠤᠲᠠ ᠪᠠᠯᠭᠠᠰᠤ ᠬᠤᠶᠠᠷ ᠡᠳᠦᠷ ᠤᠨ ᠬᠤᠭᠤᠴᠠᠭ᠎ᠠ ᠲᠠᠢ ᠨᠠᠮ ᠤᠨ ᠭᠡᠰᠢᠭᠦᠨ ᠤ ᠬᠥᠮᠦᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ᠃

     ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ

ᠰᠢᠢᠳᠭᠡᠯ ᠥᠭᠬᠦ ᠲᠦᠷᠢᠮ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠬᠢᠳᠠᠯ

ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠣᠯᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂

ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ

ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠵᠢᠭᠠᠨ ᠰᠤᠷᠭᠠᠯᠲᠠ ᠶᠢᠨ

ᠠᠭᠤᠯᠭ᠎ᠠ ᠶᠢ ᠨᠠᠷᠢᠨ ᠨᠢᠮᠪᠠᠶ ᠰᠣᠩᠭᠤᠨ ᠲᠣᠭᠲᠠᠭᠠᠭᠰᠠᠨ ᠪᠥᠭᠡᠳ ᠪᠠᠯᠭᠠᠰᠤᠨ ᠤ ᠤᠳᠤᠷᠢᠳᠬᠤ ᠪᠠᠭ ᠤᠨ

ᠪᠦᠷᠢᠯᠳᠦᠬᠦᠨ᠂ ᠬᠤᠰᠢᠭᠤᠨ ᠤ ᠨᠠᠮ ᠤᠨ ᠰᠤᠷᠭᠠᠭᠤᠯᠢ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂

ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ ᠶᠢᠨ ᠣᠯᠠᠨ ᠪᠠᠭᠰᠢ ᠠᠴᠠ ᠲᠤᠬᠠᠶ ᠶᠢᠨ ᠲᠠᠯᠠᠪᠤᠷ ᠲᠤ ᠬᠢᠴᠢᠶᠡᠯ

ᠣᠷᠣᠪᠠ᠃

     ᠬᠠᠮᠤᠭ ᠤᠨ ᠰᠡᠬᠦᠯ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ

ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠲᠤᠰ ᠤᠳᠠᠭᠠᠨ ᠤ ᠪᠣᠯᠪᠠᠰᠤᠷᠠᠯ ᠤᠨ ᠠᠩᠬᠢ ᠶᠢᠨ ᠠᠭᠤᠯᠭ᠎ᠠ ᠪᠠᠶᠠᠯᠢᠭ᠂

ᠬᠡᠯᠪᠡᠷᠢ ᠤᠯᠠᠨ ᠶᠠᠩᠵᠤ ᠶᠢᠨ ᠪᠠᠶᠢᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠨᠤᠯ ᠤᠨ ᠬᠡᠪ

ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠴᠢᠳᠠᠪᠤᠷᠢ ᠪᠠᠨ

ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ

ᠦᠢᠯᠡᠳᠦᠯᠭᠡᠵᠢᠭᠦᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ ᠬᠢᠵᠦ ᠦᠢᠯᠡᠰ ᠪᠤᠰᠬᠠᠬᠤ

ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠭᠡᠷᠡᠲᠦ ᠬᠤᠲᠠ ᠪᠠᠯᠭᠠᠰᠤᠨ ᠤ ᠳᠠᠷᠠᠭᠠᠴᠢ ᠶᠢᠨ

ᠠᠯᠬᠤᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠢᠯᠡᠳᠬᠡᠪᠡ᠃

     ᠵᠡᠭᠡᠷᠡᠲᠦ ᠬᠤᠲᠠ ᠪᠠᠯᠭᠠᠰᠤᠨ ᠤ ᠵᠠᠩᠭᠢᠯᠠᠭ᠎ᠠ ᠶᠢᠨ ᠺᠠᠳ᠋ᠷ᠂ ᠡᠯ᠎ᠡ ᠨᠠᠮ ᠤᠨ ᠡᠭᠦᠷ ᠤᠨ ᠱᠦᠵᠢ᠂ ᠳᠡᠳ᠋

ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠯ᠎ᠡ ᠲᠣᠰᠬᠤᠨ ᠤ ᠨᠠᠮ ᠤᠨ ᠲᠥᠯᠥᠭᠡᠯᠡᠭᠴᠢ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃

            ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

           ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号