| 7 ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠰᠤᠷᠭᠠᠨ | ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠤᠷᠭᠠᠨ ᠬᠥᠮᠦᠵᠢᠯ ᠤᠨ ᠠᠵᠢᠯ ᠤᠨ | ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠶᠠᠩ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠭᠤᠤ ᠳ᠋ᠦᠩ | ᠮᠧᠶ ᠬᠤᠷᠠᠯ ᠳᠤ ᠣᠷᠣᠯᠴᠠᠵᠠᠶ᠃ | | | | | ᠬᠤᠷᠠᠯ ᠠᠴᠠ 2024 ᠣᠨ ᠠᠴᠠ ᠨᠠᠰᠢᠬᠢ ᠰᠤᠷᠭᠠᠨ ᠬᠥᠮᠦᠵᠢᠯ ᠤᠨ ᠠᠵᠢᠯ ᠢ ᠳ᠋ᠦᠩᠨᠡᠵᠦ᠂ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠰᠡᠳᠬᠢᠴᠡ ᠪᠠᠨ ᠲᠣᠳᠣᠷᠬᠠᠶᠢᠯᠠᠵᠤ᠂ | ᠬᠠᠷᠢᠭᠤᠴᠠᠯᠭ᠎ᠠ ᠪᠠᠨ ᠪᠠᠲᠤᠳᠬᠠᠨ᠂ 2024 ᠣᠨ ᠤ ᠰᠤᠷᠭᠠᠨ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠶᠢ | ᠪᠠᠲᠤᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | ᠬᠤᠷᠠᠯ ᠠᠴᠠ᠂ ᠵᠢᠭᠠᠨ ᠰᠤᠳᠤᠯᠬᠤ ᠵᠢᠭᠠᠨ ᠰᠤᠷᠭᠠᠯᠲᠠ ᠶᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠢ ᠰᠠᠶᠢᠲᠤᠷ ᠨᠡᠭᠡᠭᠡᠵᠦ᠂ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠨᠡᠷᠡᠳᠦ ᠪᠠᠭᠰᠢ᠂ | ᠨᠡᠷᠡᠳᠦ ᠵᠠᠬᠢᠷᠤᠯ ᠢ ᠬᠥᠮᠦᠵᠢᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ | ᠬᠢᠵᠦ᠂ ᠠᠮᠤᠷ ᠢ ᠬᠠᠮᠠᠭᠠᠯᠠᠬᠤ ᠠᠵᠢᠯᠲᠠᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ | ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠬᠡᠷᠡᠭᠲᠡᠢ᠃ ᠤᠬᠠᠭᠤᠯᠤᠨ ᠳᠠᠶᠢᠴᠢᠯᠠᠵᠤ᠂ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠣᠷᠣᠭᠴᠢ ᠡᠯᠰᠡᠬᠦ ᠠᠵᠢᠯ ᠢ ᠰᠠᠶᠢᠲᠤᠷ ᠬᠢᠬᠦ ᠬᠡᠷᠡᠭᠲᠡᠶ ᠃ ᠵᠠᠷᠤᠳᠠᠯ ᠤᠨ | ᠪᠠᠲᠤᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠠᠵᠢᠯ ᠤᠨ ᠬᠠᠷᠠᠭᠠᠯᠵᠠᠯ ᠢ ᠪᠠᠲᠤᠯᠠᠬᠤ ᠬᠡᠷᠡᠭᠲᠡᠢ᠃ 2024 | ᠣᠨ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠢᠯ ᠪᠣᠯᠤᠭᠰᠠᠨ ᠤ ᠬᠤᠪᠢ ᠳᠤ᠂ | ᠡᠯ᠎ᠡ ᠬᠠᠮᠢᠶ᠎ᠠ ᠪᠥᠬᠦᠶ ᠨᠢᠭᠡᠴᠡ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠲᠠ ᠬᠠᠮᠵᠢᠯᠴᠠᠨ᠂ | ᠡᠯ᠎ᠡ ᠵᠦᠢᠯ ᠤᠨ ᠠᠵᠢᠯ ᠢ ᠪᠣᠳᠠᠲᠠᠶ ᠬᠢᠵᠦ᠂ ᠨᠠᠷᠢᠯᠢᠭ ᠬᠢᠵᠦ᠂ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ | ᠲᠣᠭᠤᠷᠢᠨ ᠢ ᠪᠣᠶ ᠪᠣᠯᠭᠠᠵᠤ᠂ ᠨᠠᠩ ᠰᠠᠶᠢᠨ ᠨᠠᠩ ᠰᠢᠯᠢᠳᠡᠭ ᠰᠤᠷᠭᠠᠨ ᠬᠥᠮᠦᠵᠢᠯ ᠢ ᠪᠥᠬᠦ ᠬᠤᠰᠢᠭᠤᠨ ᠤ ᠠᠷᠠᠳ | ᠲᠦᠮᠡᠨ ᠳᠤ ᠡᠷᠭᠦᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠶᠢ | ᠠᠬᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠦ ᠭᠠᠷᠭᠠᠪᠠ᠃ | ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠪᠠᠯᠭᠠᠰᠤᠨ ᠤ ᠳᠣᠲᠣᠷᠠᠬᠢ ᠬᠡᠤᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | ᠰᠤᠷᠪᠤᠯᠵᠢᠯᠠᠭᠴᠢ᠄ ᠸᠠᠩ ᡁᠢ ᠹᠠᠩ ᠵᠠᠩ ᠹᠧᠢ ᠢᠦᠢ | ᠣᠷᠴᠢᠭᠤᠯᠣᠨᠨᠴᠢ᠄ ᠭᠧ ᠲᠣᠸᠠᠨ ᠯᠢᠶᠡᠨ | | | | |