7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ᠶᠢ ᠴᠠᠭᠳᠠᠨ | ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠭᠦᠸᠧ ᠯᠢ ᠰᠢᠶᠠ ᠵᠢᠴᠢ ᠪᠥᠬᠦ ᠪᠦᠷᠢᠯᠳᠦᠬᠦᠨ᠂ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠴᠡᠭᠴᠡᠯᠡᠨ ᠰᠠᠶᠢᠵᠢᠷᠠᠭᠤᠯᠵᠤ ᠱᠠᠯᠠᠪᠳᠠᠭᠤᠯᠤᠨ | ᠪᠠᠶᠢᠴᠠᠭᠠᠬᠤ ᠠᠵᠢᠯᠲᠠᠨ ᠬᠤᠷᠠᠯ ᠳᠤ ᠣᠷᠣᠯᠴᠠᠪᠠ᠃ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠾᠧ ᠯᠢᠶᠠᠨ ᠾᠧᠦ ᠬᠤᠷᠠᠯ ᠢ ᠡᠷᠭᠢᠯᠡᠪᠡ᠃ | | | | | ᠬᠤᠷᠠ᠊ᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠭᠦᠸᠧ ᠯᠢ ᠰᠢᠶᠠ ᠨᠥᠬᠦᠷ ᠴᠠᠭᠳᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ | ᠲᠤᠰᠬᠠᠪᠠ︔ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠣᠪᠣᠷ ᠢᠶᠠᠨ ᠢᠯᠡᠳᠬᠡᠬᠦ ᠦᠭᠡ | ᠬᠡᠯᠡᠪᠡ᠃ | ᠬᠤᠷᠠᠯ ᠠᠴᠠ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠳᠠᠷᠤᠤ ᠬᠢᠴᠢᠶᠡᠩᠭᠦᠢ ᠪᠠᠷ ᠬᠦᠯᠢᠶᠡᠨ ᠠᠪᠴᠤ᠂ | ᠨᠠᠷᠢᠨ ᠬᠢᠨᠠᠮᠠᠭᠠᠢ ᠰᠢᠩᠭᠡᠭᠡᠨ ᠠᠪᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠨᠠᠶᠢᠳᠠᠪᠤᠷᠢᠵᠢᠭᠤᠯᠬᠤ | ᠬᠡᠷᠡᠭᠲᠡᠢ᠃ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ | ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ᠂ ᠦᠷ᠎ᠡ ᠪᠦᠲᠦᠭᠡᠯ ᠢ ᠬᠤᠪᠢᠷᠠᠭᠤᠯᠬᠤ | ᠠᠵᠢᠯ ᠢ ᠰᠠᠶᠢᠲᠤᠷ ᠬᠢᠵᠦ᠂ ᠬᠠᠷᠢᠭᠤ ᠲᠤᠰᠬᠠᠭᠰᠠᠨ ᠰᠠᠨᠠᠯ ᠪᠠ ᠰᠠᠨᠠᠭᠤᠯᠭ᠎ᠠ ᠶᠢ ᠦᠨᠡᠨ ᠬᠦ ᠡᠯ᠎ᠡ ᠵᠦᠢᠯ ᠤᠨ | ᠠᠵᠢᠯ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠠ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠡᠭᠡᠷᠡᠲᠦ ᠬᠤᠲᠠ ᠪᠠᠯᠭᠠᠰᠤᠨ ᠤ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠬᠦᠨ᠂ ᠪᠦᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠵᠢᠴᠢ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ | | | | ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |