| ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ | ᠣᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠱᠤᠸᠠᠢ ᠢᠦᠶ ᠪᠢᠩ ᠵᠡᠭᠡᠷᠡᠲᠦ ᠬᠤᠲᠠ | ᠪᠠᠯᠭᠠᠰᠤᠨ ᠤ ᠭᠤᠸᠠᠩ ᠴᠠᠩ ᠯᠦᠩ ᠲᠣᠰᠬᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ | ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ | ᠰᠤᠳᠤᠯᠪᠠ᠃ ᠱᠤᠸᠠᠢ ᠢᠦᠶ ᠪᠢᠩ ᠨᠠᠮ ᠤᠨ ᠪᠠᠶᠢᠭᠤᠯᠤᠯᠲᠠ ᠶᠢᠨ ᠦᠵᠡᠭᠦᠯᠭᠡ ᠶᠢᠨ ᠰᠠᠮᠪᠠᠷ᠎ᠠ᠂ ︽ᠭᠤᠷᠪᠠᠨ ᠬᠤᠷᠠᠯ | ᠨᠢᠭᠡ ᠬᠢᠴᠢᠶᠡᠯ︾ ᠵᠡᠷᠭᠡ ᠨᠠᠮ ᠤᠨ ᠪᠠᠶᠢᠭᠤᠯᠤᠯᠲᠠ ᠶᠢᠨ ᠮᠠᠲ᠋ᠧᠷᠢᠶᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠲᠣᠰᠬᠤᠨ ᠤ ᠠᠷᠠᠳ ᠤᠨ ᠵᠥᠪᠯᠡᠯ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠠᠷᠠᠭᠠᠴᠢ ᠶᠢᠨ | ᠱᠠᠲᠤᠨ ᠤ ᠠᠵᠢᠯ ᠳᠤ ᠰᠠᠨᠠᠯ ᠢᠶᠠᠨ ᠳᠤᠷᠠᠳᠪᠠ᠃ | | | | | ᠱᠤᠸᠠᠢ ᠢᠦᠶ ᠪᠢᠩ ᠭᠤᠸᠠᠩ ᠴᠠᠩ ᠯᠦᠩ ᠲᠣᠰᠬᠤᠨ ᠤ ᠨᠠᠮ ᠤᠨ ᠡᠭᠦᠷ ᠤᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠦᠷ᠎ᠡ ᠪᠦᠲᠦᠮᠵᠢ ᠶᠢ ᠨᠤᠲᠠᠯᠠᠪᠠ᠃ ᠲᠡᠷᠡ ᠠᠴᠠ᠂ ᠪᠦᠬᠦ | ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ | ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ | ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠶᠢ ᠬᠦᠳᠦᠯᠦᠨ | ᠵᠢᠯᠣᠭᠤᠳᠴᠤ᠂ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠨᠨᠳᠠᠭᠠᠨᠨᠰᠠᠨ︾ ᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠵᠤ᠂ ᠰᠤᠷᠤᠯᠴᠠᠯᠭ᠎ᠠ ᠶᠢᠨ ᠭᠤᠣᠯᠳᠠᠯᠭ᠎ᠠ ᠶᠢ ᠲᠤᠪᠤᠶᠢᠯᠭᠠᠨ᠂ ᠬᠡᠷᠡᠭ ᠢᠶᠠᠷ ᠰᠤᠷᠤᠯᠴᠠᠯᠭ᠎ᠠ ᠶᠢ ᠰᠠᠶᠢᠲᠤᠷ | ᠠᠳᠬᠤᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠤᠷᠴᠢᠭᠤᠯᠣᠨ ᠨᠠᠶᠢᠷᠠᠭᠤᠯᠣᠨᠨᠴᠢ᠄ ᠪᠣᠤ ᠬᠤᠩ ᠯᠢᠶᠡᠩ |