| ᠨᠢᠭᠡ᠂ ᠨᠠᠶᠢᠷᠠᠭᠤᠯᠤᠨ ᠵᠣᠬᠢᠶ᠋ᠬᠠᠰᠠᠨ ᠵᠣᠷᠢᠯᠭ᠎ᠠ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠰᠤ ᠭᠠᠩ ᠤᠨ | ᠭᠠᠮᠰᠢᠭ ᠢ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠠᠷ ᠰᠡᠷᠭᠡᠶᠢᠯᠡᠵᠦ᠂ | ᠭᠠᠮᠰᠢᠭ ᠤᠨ ᠠᠶᠤᠯ ᠲᠦᠭᠰᠢᠭᠦᠷᠢ᠂ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠰᠡᠷᠭᠡᠶᠢᠯᠡᠬᠦ ᠪᠠ ᠠᠶᠤᠯ ᠠᠴᠠ ᠠᠪᠤᠷᠠᠨ ᠲᠤᠰᠠᠯᠠᠬᠤ ᠠᠵᠢᠯ ᠢ | ᠵᠢᠷᠤᠮᠵᠢᠭᠤᠯᠬᠤ᠂ ᠬᠠᠤᠯᠢ ᠳᠦᠷᠢᠮᠵᠢᠭᠦᠯᠬᠦ ᠶᠢ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ᠂ | ᠵᠣᠬᠢᠴᠠᠩᠭᠤᠶ ᠪᠠ ᠦᠷᠬᠦᠯᠵᠢᠯᠡᠬᠦᠶᠢᠴᠡ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃ | ᠬᠤᠶᠠᠷ᠂ ᠨᠠᠶᠢᠷᠠᠭᠤᠯᠤᠨ ᠵᠣᠬᠢᠶ᠋ᠬᠠᠰᠠᠨ ᠠᠬᠤᠢ ᠪᠠᠶᠢᠳᠠᠯ | ︽ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾᠂ ︽ᠣᠷᠣᠨ ᠨᠤᠲᠤᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠢ | ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠤᠯᠤᠰ ᠤᠨ ᠦᠶᠡᠷ ᠢ ᠰᠡᠷᠭᠡᠶᠢᠯᠡᠬᠦ ᠠᠯᠪᠠᠨ ᠭᠡᠷ ﹇2022﹈ | 1 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠤᠯᠠᠭᠠᠨᠴᠠᠪ ᠬᠤᠲᠠ ᠶᠢᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ᠂ | ᠬᠠᠤᠯᠢ ᠲᠣᠭᠲᠠᠭᠠᠯ ᠪᠣᠯᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠪᠡ᠃ | ᠭᠤᠷᠪᠠ᠂ ᠭᠤᠣᠯ ᠠᠭᠤᠯᠭ᠎ᠠ | ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠨᠡᠶᠢᠲᠡ ᠶᠢᠰᠦᠨ ᠬᠡᠰᠡᠭ ᠬᠤᠪᠢᠶᠠᠨ᠎ᠠ᠃ ᠨᠢᠭᠡ ᠳᠤ | ᠶᠡᠷᠦᠩᠬᠡᠶ ᠳᠦ᠋ᠷᠢᠮ᠃ ᠡᠭᠦᠨ ᠳᠤ ᠭᠤᠣᠯᠳᠠᠭᠤ ᠲᠦᠢᠮᠣ ᠪᠠᠶᠢᠳᠠᠯ᠂ ᠨᠠᠶᠢᠷᠠᠭᠤᠯᠤᠨ ᠵᠣᠬᠢᠶ᠋ᠬᠠᠰᠠᠨ ᠵᠣᠷᠢᠯᠭ᠎ᠠ᠂ | ᠨᠠᠶᠢᠷᠠᠭᠤᠯᠤᠨ ᠵᠣᠬᠢᠶ᠋ᠬᠠᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠦᠶᠡᠷ ᠢ ᠰᠡᠷᠭᠡᠶᠢᠯᠡᠬᠦ | ᠰᠢᠰᠲ᠋ᠧᠮ ᠢ ᠪᠠᠭᠲᠠᠭᠠᠨ᠎ᠠ᠃ ᠬᠤᠶᠠᠷ ᠲᠤ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮ ᠵᠢᠴᠢ ᠡᠭᠦᠷᠭᠡ | ᠬᠠᠷᠢᠭᠤᠴᠠᠯᠭ᠎ᠠ᠃ ᠡᠭᠦᠨ ᠳᠤ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ | ᠵᠢᠯᠣᠭᠤᠳᠬᠤ᠂ ᠰᠤᠮᠤ ᠰᠢᠶᠠᠩ ᠪᠠᠯᠭᠠᠰᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠤᠨ ᠵᠢᠯᠣᠭᠤᠳᠬᠤ ᠪᠠᠶᠢᠭᠤᠯᠤᠮᠵᠢ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠤᠰᠤᠳ | ᠵᠢᠯᠣᠭᠤᠳᠬᠤ ᠪᠠᠶᠢᠭᠤᠯᠤᠮᠵᠢ ᠪᠠᠭᠲᠠᠨ᠎ᠠ᠃ ᠭᠤᠷᠪᠠ ᠳᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠦᠨ᠎ᠡ᠃ ᠡᠭᠦᠨ ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠂ | ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠪᠡᠯᠡᠳᠬᠡᠯ᠂ ᠤᠷᠢᠳᠴᠢᠯᠠᠨ ᠰᠡᠷᠭᠡᠶᠢᠯᠡᠵᠦ ᠤᠷᠢᠳᠴᠢᠯᠠᠨ | ᠰᠡᠷᠡᠮᠵᠢᠯᠡᠭᠦᠯᠬᠦ ᠠᠵᠢᠯᠯᠠᠭ᠎ᠠ ᠪᠠᠭᠲᠠᠨ᠎ᠠ᠃ ᠲᠦᠷᠪᠡ ᠳᠤ᠂ ᠪᠠᠴᠢᠮ ᠪᠠᠶᠢᠳᠠᠯ ᠢ ᠠᠷᠭᠠᠴᠠᠬᠤ᠃ ᠭᠠᠮᠰᠢᠭ ᠤᠨ ᠲᠥᠷᠥᠯ | ᠬᠡᠯᠪᠡᠷᠢ ᠪᠠᠷ ᠨᠢ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ ᠲᠠᠢ ᠲᠡᠮᠡᠴᠡᠬᠦ ᠬᠤᠶᠠᠷ ᠲᠥᠷᠥᠯ ᠵᠦᠢᠯ ᠳᠤ | ᠬᠤᠪᠢᠶᠠᠨ᠎ᠠ᠃ ᠲᠥᠷᠥᠯ ᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠶᠢ ᠲᠣᠣᠷ᠎ᠡ ᠠᠴᠠ ᠲᠡᠭᠡᠳᠦ ᠲᠡᠰ ᠲᠡᠶᠢᠰᠢ | ᠡᠩ ᠤᠨ ︵Ⅳ ᠳᠡᠰ︶᠂ ᠨᠡᠯᠢᠶᠡᠳ ᠶᠡᠭᠡ ︵Ⅲ ᠳᠡᠰ︶᠂ ᠬᠦᠨᠳᠦ ᠶᠡᠭᠡ ︵Ⅱ ᠳᠡᠰ︶᠂ ᠣᠨᠴᠠ ᠬᠦᠨᠳᠦ | ᠶᠡᠭᠡ ︵Ⅰ ᠳᠡᠰ︶ ᠳᠥᠷᠪᠡᠨ ᠲᠠᠰ ᠬᠤᠪᠢᠶᠠᠨ᠎ᠠ᠃ ᠵᠡᠷᠭᠡ ᠳᠡᠰ ᠪᠦᠷᠢ ᠨᠢ ᠴᠥᠮ ᠡᠬᠢᠯᠡᠭᠦᠯᠬᠦ ᠨᠥᠬᠦᠴᠡᠯ᠂ | ᠡᠬᠢᠯᠡᠭᠦᠯᠬᠦ ᠳᠡᠰ ᠳᠠᠷᠠᠭᠠᠯᠠᠯ᠂ ᠠᠷᠭᠠᠴᠠᠬᠤ ᠨᠥᠬᠦᠴᠡᠯ ᠢ ᠲᠣᠷᠠᠳᠪᠠ᠃ ᠲᠠᠪᠤ ᠳᠤ᠂ ᠪᠠᠴᠢᠮ ᠪᠠᠶᠢᠳᠠᠯ ᠢ | ᠠᠷᠭᠠᠴᠠᠬᠤ ᠳᠤ ᠲᠣᠬᠢᠷᠠᠭᠤᠯᠤᠯᠲᠠ ᠬᠢᠬᠦ᠃ ᠪᠠᠴᠢᠮ ᠪᠠᠶᠢᠳᠠᠯ ᠢ ᠠᠷᠭᠠᠴᠠᠬᠤ ᠲᠠᠰ᠂ ᠲᠥᠷᠥᠯ ᠢᠯᠭᠠᠯ ᠢ | ᠬᠤᠪᠢᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠲᠠᠭᠤᠰᠬᠤ᠃ ᠵᠢᠷᠭᠤᠭ᠎ᠠ ᠳᠤ᠂ ᠠᠶᠤᠯ ᠠᠴᠠ ᠠᠪᠤᠷᠠᠨ | ᠲᠤᠰᠠᠯᠠᠬᠤ᠃ ᠦᠨᠳᠦᠰᠦᠨ ᠱᠠᠭᠠᠷᠳᠠᠯᠭ᠎ᠠ᠂ ᠠᠪᠤᠷᠠᠨ ᠲᠤᠰᠠᠯᠠᠬᠤ ᠬᠦᠴᠦᠨ᠂ ᠠᠪᠤᠷᠠᠨ ᠲᠤᠰᠠᠯᠠᠬᠤ ᠠᠵᠢᠯ ᠢ | ᠥᠷᠨᠢᠭᠦᠯᠬᠦ᠂ ᠠᠪᠤᠷᠠᠨ ᠲᠤᠰᠠᠯᠠᠬᠤ ᠠᠵᠢᠯ ᠢ ᠬᠡᠷᠡᠭᠵᠢᠭᠦᠯᠬᠦ᠂ ᠠᠪᠤᠷᠠᠨ ᠲᠤᠰᠠᠯᠠᠬᠤ ᠠᠵᠢᠯ ᠲᠠᠭᠤᠰᠬᠤ᠃ | ᠲᠤᠯᠤᠭ᠎ᠠ ᠳᠤ᠂ ᠰᠡᠭᠦᠯᠴᠢ ᠶᠢᠨ ᠠᠵᠢᠯ ᠤᠨ ᠰᠢᠢᠳᠪᠦᠷᠢᠯᠡᠯᠳᠡ᠃ ᠭᠠᠮᠰᠢᠭ ᠠᠴᠠ ᠠᠪᠤᠷᠠᠨ ᠲᠤᠰᠠᠯᠠᠬᠤ᠂ ᠰᠡᠷᠭᠦᠭᠡᠵᠦ | ᠳᠠᠬᠢᠨ ᠪᠦᠲᠦᠭᠡᠨ ᠪᠠᠶᠢᠭᠤᠯᠬᠤ᠂ ᠨᠡᠶᠢᠭᠡᠮ ᠠᠴᠠ ᠪᠡᠯᠡᠭᠯᠡᠨ ᠲᠣᠰᠠᠯᠠᠬᠤ᠂ ᠭᠠᠮᠰᠢᠭ ᠤᠨ ᠳᠠᠭᠠᠳᠬᠠᠯ᠂ ᠦᠨᠡᠯᠡᠨ | ᠵᠢᠱᠢᠯᠲᠡ ᠶᠢᠨ ᠳ᠋ᠦᠩᠨᠡᠯᠲᠡ︔ ᠨᠠᠢᠮᠠ ᠳᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠃ ᠡᠩᠨᠡᠭᠡ ᠶᠢᠨ | ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ | ᠠᠵᠢᠯᠲᠠᠨ ᠢ ᠰᠢᠯᠵᠢᠭᠦᠯᠬᠦ ᠪᠠᠲᠤᠯᠠᠭ᠎ᠠ᠂ ᠶᠡᠷᠦᠩᠬᠡᠶᠢᠯᠡᠭᠰᠡᠨ ᠪᠠᠲᠤᠯᠠᠭ᠎ᠠ᠃ ᠶᠢᠰᠦ ᠳᠤ ᠳᠠᠭᠠᠯᠳᠤᠭᠤᠯᠤᠯ ᠳᠦᠷᠢᠮ᠃ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠩ ᠤᠨ ᠪᠠᠶᠢᠳᠠᠯ ᠳᠤ 3 — 5 ᠵᠢᠯ ᠳᠤ ᠨᠢᠭᠡ ᠤᠳᠠᠭ᠎ᠠ ᠵᠠᠰᠠᠪᠤᠷᠢ ᠣᠷᠣᠭᠤᠯᠵᠤ᠂ ᠬᠤᠰᠢᠭᠤᠨ ᠤ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠬᠠᠷᠢᠭᠤᠴᠠᠨ | ᠲᠠᠶᠢᠯᠪᠤᠷᠢᠯᠠᠨ᠎ᠠ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠰᠦᠯᠵᠢᠶ᠎ᠡ | ᠣᠷᠴᠢᠭᠤᠯᠣᠨᠨᠴᠢ᠄ ᠭᠧ ᠲᠣᠸᠠᠨ ᠯᠢᠶᠡᠨ | |