ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ 7 | ᠰᠠᠷ᠎ᠠ ᠶᠢᠨ 24 ᠤ ᠡᠳᠦᠷ᠂ ᠵᠡᠭᠡᠷᠡᠲᠦ ᠬᠤᠲᠠ ᠪᠠᠯᠭᠠᠰᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ | ᠾᠧᠦ ᠬᠤᠷᠠᠯ ᠢ ᠡᠷᠬᠢᠯᠡᠵᠦ᠂ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤᠪᠠᠷ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠥᠰᠦᠯ ᠲᠠᠢ ᠬᠠᠷᠢᠴᠠᠭᠤᠯᠤᠨ ᠪᠣᠭᠤᠮᠲᠠ ᠶᠢ ᠴᠢᠩᠭ᠎ᠠ ᠠᠳᠬᠤᠵᠤ᠂ ᠵᠤᠷᠪᠤᠰ ᠳᠠᠷᠠᠭᠠᠯᠠᠨ | ᠵᠠᠳᠠᠯᠵᠤ᠂ ᠣᠳᠣᠬᠠᠨ ᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠦᠨᠳᠦᠰᠦᠯᠡᠨ ᠬᠦᠷᠦᠯᠴᠡᠬᠦ ᠦᠭᠡᠢ | ᠲᠠᠯ᠎ᠠ ᠪᠠᠨ ᠡᠷᠢᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠣᠳᠣᠬᠠᠨ ᠤ ᠨᠢᠭᠡ ᠵᠦᠢᠯ ᠤᠨ ᠭᠤᠣᠯᠳᠠᠯᠭ᠎ᠠ ᠲᠠᠢ | ᠠᠵᠢᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭ ᠬᠤᠭᠤᠴᠠᠭ᠎ᠠ ᠶᠢ | ᠡᠵᠡᠮᠳᠡᠵᠦ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ ᠤᠳᠤᠷᠢᠳᠤᠯᠭ᠎ᠠ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠴᠡᠭᠴᠡᠯᠡᠨ | ᠰᠠᠶᠢᠵᠢᠷᠠᠭᠤᠯᠬᠤ ᠶᠢ ᠲᠦᠷᠦᠭᠦᠯᠡᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ | ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠶᠢ ᠴᠢᠬᠤᠯᠠᠴᠢᠯᠠᠨ᠎ᠠ᠃ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ | ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ | ᠳᠤᠲᠠᠭᠤᠳᠠᠯ ᠢᠶᠠᠨ ᠨᠥᠬᠦᠪᠥᠷᠢᠯᠡᠨ᠂ ᠲᠣᠭᠲᠠᠴᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠭᠡᠯ ᠢᠶᠠᠨ ᠪᠠᠬᠢᠵᠢᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ᠴᠡᠭᠴᠡᠯᠡᠨ | ᠰᠠᠶᠢᠵᠢᠷᠠᠭᠤᠯᠬᠤ ᠠᠵᠢᠯ ᠳᠤ ᠭᠠᠷᠠᠭ ᠤᠨ ᠲᠣᠬᠢᠷᠠᠭᠤᠯᠤᠯᠲᠠ ᠬᠢᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠶᠠᠰᠤ ᠴᠢᠨᠠᠷ ᠲᠤᠭ᠎ᠠ ᠶᠣᠰᠣᠭᠠᠷ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | | ᠣᠷᠴᠢᠭᠤᠯᠣᠨᠨᠴᠢ᠄ ᠭᠧ ᠲᠣᠸᠠᠨ ᠯᠢᠶᠡᠨ | ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ |