| ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 30 ᠤ | ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠡᠭᠡ ᠠᠩᠭᠢ᠂ ᠴᠡᠷᠢᠭ ᠢᠶᠠᠨ ᠬᠦᠷᠢᠶᠡᠯᠡᠭᠰᠡᠨ ᠲᠡᠷᠢᠭᠦᠨ ᠤ ᠬᠤᠪᠢ ᠬᠥᠮᠦᠨ ᠢ ᠪᠣᠯᠭᠤᠭᠠᠨ ᠲᠣᠬᠤᠨᠢᠭᠤᠯᠵᠤ᠂ | ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠵᠦ᠂ ᠲᠡᠳᠡᠨ ᠤ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ | | | | | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ᠂ ᠭᠤᠤ ᠰᠧᠨ ᠭᠠᠯ ᠤᠨᠲᠠᠷᠠᠭᠠᠬᠤ ᠪᠠ ᠠᠪᠤᠷᠠᠨ | ᠲᠤᠰᠠᠯᠠᠬᠤ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠭᠠᠯ ᠤᠨᠲᠠᠷᠠᠭᠠᠭᠴᠢᠳ ᠲᠠᠢ ᠨᠢᠭᠡᠳ ᠨᠢᠭᠡ ᠪᠠᠷ ᠭᠠᠷ | ᠠᠳᠬᠤᠵᠤ᠂ ᠡᠳᠦᠷ ᠲᠤᠳᠤᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠩᠨᠡᠭᠡᠨ ᠤ ᠪᠠᠶᠢᠭᠤᠯᠤᠯᠲᠠ | ᠵᠡᠷᠭᠡ ᠲᠠᠯ᠎ᠠ ᠶᠢᠨ ᠪᠠᠶᠢᠳᠠᠯ ᠢ ᠨᠠᠷᠢᠨ ᠠᠰᠠᠭᠤᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠯᠤᠭᠤᠳᠤᠬᠴᠢ | ᠪᠠᠶᠢᠯᠳᠤᠭᠴᠢ ᠶᠢᠨ ᠤᠷᠳᠤ ᠬᠤᠭᠤᠴᠠᠭᠠᠨ ᠤ ᠲᠤᠷᠰᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠤᠤ ᠰᠧᠨ ᠢᠯᠡᠷᠬᠡᠶᠢᠯᠡᠬᠦ ᠳᠤ ᠪᠠᠨ᠂ ᠬᠤᠰᠢᠭᠤᠨ ᠤ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠯᠠᠪᠳᠠᠭᠤᠨ ᠪᠠᠲᠤᠲᠠᠶ | ᠠᠵᠢᠯᠯᠠᠵᠤ᠂ ᠬᠠᠷᠠᠮ ᠥᠬᠡᠶ ᠵᠢᠳᠬᠦᠵᠦ᠂ ᠪᠠᠴᠢᠮ ᠪᠡᠷᠬᠡ ᠠᠶᠤᠯᠲᠠᠶ ᠬᠦᠨᠳᠦ ᠡᠭᠦᠷᠭᠡ ᠶᠢᠨ ᠡᠮᠦᠨ᠎ᠡ ᠹᠷᠣᠨᠲ ᠲᠤ | ᠭᠠᠪᠰᠢᠭᠠᠶᠢᠯᠠᠵᠤ᠂ ᠭᠠᠵᠠᠷ ᠣᠷᠣᠨ ᠤ ᠠᠮᠤᠷ ᠠᠮᠤᠭᠤᠯᠠᠩ ᠡᠶ᠎ᠡ ᠵᠣᠬᠢᠴᠠᠯ ᠢ ᠰᠠᠬᠢᠨ ᠬᠠᠮᠠᠭᠠᠯᠠᠵᠤ᠂ ᠣᠯᠠᠨ ᠢᠶᠠᠷ ᠢᠶᠠᠨ ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠯᠢᠳᠡᠭ ᠰᠤᠷᠲᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠴᠢᠷᠮᠠᠶᠢᠨ ᠪᠣᠯᠪᠠᠰᠤᠷᠠᠵᠤ᠂ ᠰᠢᠷᠭᠠᠭᠤ ᠪᠣᠯᠪᠠᠰᠤᠷᠠᠵᠤ᠂ ᠰᠢᠯᠭᠠᠷᠠᠭᠰᠠᠨ ᠰᠤᠷᠲᠠᠯ ᠢᠶᠠᠨ | ᠳᠠᠪᠲᠠᠨ ᠪᠣᠯᠪᠠᠰᠤᠷᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠩᠨᠡᠭᠡᠨ ᠤ ᠬᠡᠪ ᠴᠢᠨᠠᠷ | ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ | ᠵᠦᠢᠯ ᠤᠨ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠡᠩᠨᠡᠭᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠵᠦ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠶᠢ | ᠬᠦᠰᠡᠵᠦ ᠪᠠᠶᠢᠨ᠎ᠠ ᠭᠡᠵᠡᠶ᠃ | | | | | ᠶᠢᠨ ᠱᠠᠨ ᠰᠢᠯᠢᠳᠡᠭ ᠪᠣᠭᠤᠳᠡᠢ ᠶᠢᠨ ᠢᠳᠡᠭᠡᠨ ᠤ ᠬᠢᠵᠠᠭᠠᠷᠲᠤ ᠺᠣᠮᠫᠠᠨᠢ ᠳᠤ᠂ ᠭᠤᠤ ᠰᠧᠨ ᠴᠡᠷᠢᠭ ᠢᠶᠠᠨ | ᠬᠦᠷᠢᠶᠡᠯᠡᠭᠰᠡᠨ ᠲᠡᠷᠢᠭᠦᠨ ᠤ ᠬᠤᠪᠢ ᠬᠥᠮᠦᠨ ᠯᠦ ᠵᠢᠶ ᠪᠢᠩ ᠲᠠᠢ ᠳᠣᠲᠣᠨᠣ ᠪᠠᠷ ᠶᠠᠷᠢᠯᠴᠠᠵᠤ᠂ ᠺᠣᠮᠫᠠᠨᠢ ᠶᠢᠨ ᠬᠥᠭᠵᠢᠯᠲᠡ | ᠡᠵᠡᠩᠨᠡᠯᠲᠡ᠂ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠵᠤ ᠦᠢᠯᠡᠰ ᠪᠤᠰᠬᠠᠭᠰᠠᠨ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠠᠵᠤ ᠠᠬᠤᠶᠢᠯᠠᠯ ᠤᠨ ᠴᠡᠷᠢᠭ ᠠᠴᠠ ᠬᠠᠯᠠᠭᠳᠠᠭᠰᠠᠳ ᠢ ᠬᠠᠶᠢᠷᠠᠯᠠᠨ ᠬᠠᠯᠠᠮᠵᠢᠯᠠᠵᠦ ᠪᠠᠶᠢᠬᠤ ᠶᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠮᠡᠷᠭᠡᠵᠢᠯ ᠤᠨ | ᠰᠤᠳᠤᠯᠤᠨ ᠨᠡᠭᠡᠭᠡᠯᠲᠡ ᠶᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠥᠷᠭᠡᠳᠬᠡᠵᠦ᠂ ᠭᠤᠤᠯᠯᠠᠬᠤ | ᠥᠷᠢᠰᠦᠯᠳᠦᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠩ ᠰᠠᠶᠢᠨ ᠬᠥᠭᠵᠢᠯᠲᠡ ᠶᠢ ᠴᠢᠷᠮᠠᠶᠢᠨ | ᠪᠡᠶᠡᠯᠡᠭᠦᠯᠬᠦ ᠶᠢᠨ ᠬᠠᠮᠲᠤ ᠠᠵᠤ ᠠᠬᠤᠶᠢᠯᠠᠯ ᠢ ᠴᠡᠷᠢᠭ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠤᠯᠠᠮᠵᠢᠯᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠵᠦ ᠦᠢᠯᠡᠰ ᠪᠣᠰᠬᠠᠬᠤ ᠶᠢ ᠪᠥᠬᠦ | ᠰᠡᠳᠬᠢᠯ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠬᠤᠰᠢᠭᠤᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ | ᠬᠠᠷᠠᠭᠠᠯᠵᠠᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ | ᠵᠣᠷᠢᠭᠵᠢᠭᠤᠯᠪᠠ᠃ | ᠬᠤᠰᠢᠭᠤᠨ ᠤ ᠤᠳᠤᠷᠢᠳᠤᠯᠭ᠎ᠠ ᠸᠠᠩ ᠶᠠᠩ᠂ ᠵᠠᠩ ᠪᠢᠨ ᠵᠢᠴᠢ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠣᠬᠤᠨᠢᠭᠤᠯᠭ᠎ᠠ ᠳᠤ ᠣᠷᠣᠯᠴᠠᠪᠠ᠃ | | ᠰᠤᠷᠪᠤᠯᠵᠢᠯᠠᠭᠴᠢ᠄ ᠵᠠᠩ ᠯᠢ ᠨᠠ ᠱᠠᠨ ᠮᠢᠶᠣᠣ | ᠣᠷᠴᠢᠭᠤᠯᠣᠨᠨᠴᠢ᠄ ᠭᠧ ᠲᠣᠸᠠᠨ ᠯᠢᠶᠡᠨ | | |