ᠵᠡᠭᠡᠷᠡᠲᠦ ᠬᠤᠲᠠ ᠪᠠᠯᠭᠠᠰᠤ ︽8 · 1︾ ᠤ ᠰᠣᠶᠣᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/16
     ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠲᠡᠷᠭᠡᠯᠰᠢᠭᠦᠯᠬᠦ ᠲᠡᠮᠡᠴᠡᠯ ᠤᠨ ᠥᠩᠭᠡᠷᠡᠯᠲᠡ ᠶᠢ ᠮᠠᠭᠲᠠᠨ ᠳᠠᠭᠤᠯᠠᠪᠠ᠃ 8 ᠰᠠᠷ᠎ᠠ ᠶᠢᠨ 1 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠡᠭᠡᠷᠡᠲᠦ ᠬᠤᠲᠠ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠵᠡᠭᠡᠷᠡᠲᠦ ᠬᠤᠲᠠ ᠶᠢᠨ ᠵᠣᠯ ᠵᠢᠷᠭᠠᠯ ᠤᠨ ᠥᠷᠲᠡᠭᠡ ᠶᠢᠨ ᠪᠡᠶ᠎ᠡ ᠴᠢᠭᠢᠷᠠᠭᠵᠢᠭᠤᠯᠬᠤ ᠪᠥᠵᠢᠭ ᠤᠨ ᠠᠩᠭᠢ ᠪᠣᠯᠤᠨ ᠳᠠᠭᠤᠤ ᠳᠠᠭᠤᠯᠠᠬᠤ ᠳᠤᠷᠠᠲᠠᠶ ᠬᠥᠮᠦᠰ ᠲᠠᠢ ᠬᠠᠮᠲᠤᠷᠠᠨ ︽ᠡᠷᠴᠢ ᠵᠣᠷᠢᠭ ᠢᠶᠠᠨ ᠬᠥᠪᠴᠢᠯᠡᠨ ᠰᠢᠨ᠎ᠡ ᠬᠠᠭᠤᠳᠠᠰᠤ ᠶᠢ ᠪᠢᠴᠢᠭᠯᠡᠵᠦ᠂ ᠡᠷᠡᠯᠬᠡᠭᠯᠡᠨ ᠤᠷᠤᠭᠰᠢᠯᠠᠵᠤ ᠴᠡᠴᠡᠭᠯᠡᠨ ᠬᠥᠭᠵᠢᠭᠰᠡᠨ ᠡᠷᠢᠨ ᠢ ᠮᠠᠭᠲᠠᠨ ᠳᠠᠭᠤᠯᠠᠶ᠎ᠠ︾ ᠭᠡᠬᠦ ᠭᠤᠤᠯ ᠰᠡᠳᠦᠪᠲᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠣᠶᠣᠯ ᠤᠨ ᠠᠵᠢᠯᠯᠠᠭ᠎ᠠ ᠶᠢ ᠥᠷᠨᠢᠭᠦᠯᠪᠡ᠃

    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ

ᠪᠠᠶᠠᠯᠢᠭᠵᠢᠭᠤᠯᠵᠤ᠂ ᠲᠣᠰᠬᠤᠨ ᠤ ᠠᠷᠠᠳ ᠤᠨ ᠲᠣᠰᠬᠤᠨ ᠤ ᠳᠣᠲᠣᠷᠠᠬᠢ ᠵᠤᠭ᠎ᠠ ᠴᠡᠩᠭᠡᠯ ᠤᠨ ᠰᠣᠶᠣᠯ ᠤᠨ

ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ ᠪᠠᠷᠠᠬᠤ ᠥᠬᠡᠶ᠂ ᠪᠥᠬᠦ

ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠦᠨᠳᠦᠰᠦᠨ ᠱᠠᠲᠤ ᠳᠠᠰᠢ ᠭᠦᠨᠵᠡᠭᠡᠶᠢᠷᠡᠬᠦ ᠶᠢ ᠤᠯᠠᠮ ᠨᠢᠭᠡ

ᠠᠯᠬᠤᠮ ᠳᠥᠯᠭᠢᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ ᠵᠡᠭᠡᠷᠡᠲᠦ ᠬᠤᠲᠠ ᠪᠠᠯᠭᠠᠰᠤᠨ ᠤ ᠰᠢᠨ᠎ᠡ ᠴᠠᠭ

ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠨᠢ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ

ᠥᠷᠨᠢᠭᠦᠯᠵᠦ᠂ ᠲᠣᠰᠬᠤᠨ ᠤ ᠠᠷᠠᠳ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ

ᠠᠬᠢᠭᠤᠯᠵᠤ᠂ ᠲᠣᠰᠬᠤᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠲᠡᠭᠡᠭᠰᠢᠯᠡᠬᠦᠯᠪᠡ᠃

 

     

         ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

        ᠤᠷᠴᠢᠭᠤᠯᠣᠨ ᠨᠠᠶᠢᠷᠠᠭᠤᠯᠣᠨᠨᠴᠢ᠄  ᠪᠣᠤ ᠬᠤᠩ ᠯᠢᠶᠡᠩ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号