| ᠣᠶᠢᠷ᠎ᠡ ᠶᠢᠨ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ | ᠷᠦᠢ ᠪᠢᠨ ᠨᠠᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠠᠭᠤᠷᠬᠠᠶ ᠶᠢ ᠰᠡᠷᠭᠦᠭᠡᠨ ᠵᠠᠰᠠᠬᠤ ᠠᠵᠢᠯ ᠤᠨ | ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠶᠢᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠬᠤᠸᠠᠩ ᠰᠢᠶᠤᠤ ᠬᠤ᠋᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦ᠋ ᡁᠢ ᠪᠢᠶᠤᠤ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠵᠦᠩ ᠰᠢᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠴᠠᠪ | ᠬᠤᠳᠠ ᠶᠢᠨ ᠶᠤᠸᠠᠨ ᠯᠢ ᠠᠵᠤ ᠠᠬᠤᠢ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠳ᠋ᠠ ᠪᠸᠢ ᠭᠧᠦ ᠪᠠᠶ᠋ᠬᠠᠣᠪᠤᠭ᠎ᠠ ᠠᠭᠤᠷᠬᠠᠢ ᠶᠢᠨ ᠭᠠᠨᠳᠢᠭ ᠴᠢᠯᠠᠭᠤ ᠶᠢᠨ ᠠᠭᠤᠷᠬᠠᠢ ᠳᠤ | ᠬᠦᠷᠴᠦ᠂ ᠠᠭᠤᠷᠬᠠᠢ ᠶᠢᠨ ᠵᠠᠰᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠭᠤᠷᠬᠠᠢ | ᠨᠡᠭᠡᠭᠡᠨ ᠮᠠᠯᠲᠠᠬᠤ ᠣᠳᠣᠬᠢ ᠪᠠᠶᠢᠳᠠᠯ᠂ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠵᠢᠴᠢ ᠰᠡᠷᠭᠦᠭᠡᠨ ᠵᠠᠰᠠᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭᠠᠬᠢ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠭᠤᠷᠬᠠᠢ ᠶᠢᠨ ᠠᠵᠤ ᠠᠬᠤᠶᠢᠯᠠᠯ ᠨᠢ | ᠣᠷᠣᠨ ᠨᠤᠲᠤᠭ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠡᠷᠬᠡᠪᠰᠢ ᠪᠣᠬᠢᠷᠲᠤᠯ | ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠪᠠ ᠠᠵᠢᠯ ᠲᠥᠷᠥᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠪᠥᠬᠦ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ | ᠵᠢᠷᠤᠮᠵᠢᠯ ᠲᠠᠢ ᠨᠡᠭᠡᠭᠡᠨ ᠮᠠᠯᠲᠠᠬᠤ ᠶᠢ ᠪᠠᠲᠤᠯᠠᠬᠤ ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠨᠢᠭᠡ ᠠᠭᠤᠷᠬᠠᠶ ᠳᠤ ᠨᠢᠭᠡ ᠠᠷᠭ᠎ᠠ ᠪᠣᠳᠣᠯᠭ᠎ᠠ ᠠᠪᠬᠤ︾ ᠵᠠᠷᠴᠢᠮ ᠶᠣᠰᠣᠭᠠᠷ᠂ | ᠵᠠᠳᠠᠭᠠᠶ ᠠᠭᠤᠷᠬᠠᠶ ᠶᠢᠨ ᠠᠵᠤ ᠠᠬᠤᠶᠢᠯᠠᠯ ᠤᠨ ᠠᠮᠢ ᠠᠬᠤᠶ ᠶᠢ ᠰᠡᠷᠭᠦᠭᠡᠬᠦ ᠬᠠᠮᠢᠶᠠᠷᠤᠯᠲᠠ ᠶᠢᠨ ᠲᠠᠩᠰᠠ ᠡᠪᠬᠡᠮᠡᠯ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠡᠭᠡᠨ ᠮᠠᠯᠲᠠᠬᠤ ᠶᠠᠪᠤᠴᠠ ᠳᠠᠬᠢ | ᠠᠮᠢ ᠠᠬᠤᠶ ᠶᠢᠨ ᠡᠪᠳᠡᠭᠳᠡᠯ ᠪᠠ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠵᠤ᠂ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠬᠢᠭᠡᠳ ᠠᠮᠢ ᠠᠬᠤᠶ ᠶᠢᠨ ᠦᠷ᠎ᠡ | ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ᠃ | | ᠰᠤᠷᠪᠤᠯᠵᠢᠯᠠᠭᠴᠢ᠄ ᠵᠠᠩ ᠵᠢᠤᠸᠠᠨ ᠭᠤᠤ ᠸᠧᠶ | ᠣᠷᠴᠢᠭᠤᠯᠣᠨᠨᠴᠢ᠄ ᠭᠧ ᠲᠣᠸᠠᠨ ᠯᠢᠶᠡᠨ | | |