| ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠲᠠᠷᠪᠤᠰ᠂ ᠠᠮᠲᠠᠲᠤ ᠬᠡᠮᠬᠡ | ᠡᠯᠪᠡᠭ ᠬᠤᠷᠢᠶᠠᠯᠲᠠ ᠣᠯᠵᠤ᠂ ᠲᠤᠬᠠᠶ ᠶᠢᠨ ᠭᠠᠵᠠᠷ ᠤᠨ ᠲᠠᠷᠢᠶᠠᠴᠢᠳ ᠶᠠᠭ ᠲᠡᠭᠦᠵᠦ ᠵᠠᠬ᠎ᠠ ᠳᠡᠯᠭᠡᠭᠦᠷ ᠲᠤ ᠭᠠᠷᠭᠠᠨ | ᠪᠣᠷᠣᠯᠠᠭᠤᠯᠵᠤ ᠪᠠᠶᠢᠨ᠎ᠠ᠃ | | | | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤ ᠨᠢ ᠥᠪᠡᠷᠮᠢᠴᠡ ᠭᠠᠵᠠᠷ ᠵᠦᠶ ᠶᠢᠨ | ᠨᠥᠬᠦᠴᠡᠯ ᠲᠠᠢ ᠪᠠᠶᠢᠵᠤ᠂ ᠨᠡᠷᠡᠨ ᠤ ᠲᠤᠰᠤᠯᠲᠠ ᠶᠢᠨ ᠴᠠᠭ ᠨᠢ ᠣᠷᠳᠣ᠂ ᠬᠡᠷᠡᠯ ᠢᠯᠴᠢ ᠶᠢᠨ ᠡᠬᠢ ᠪᠠᠶᠠᠯᠢᠭ ᠡᠯᠪᠡᠭ | ᠪᠥᠭᠡᠳ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠠᠴᠠ ᠲᠠᠷᠪᠤᠰ ᠨᠠᠩ ᠰᠢᠬᠢᠷᠯᠢᠭ ᠰᠢᠮᠡᠲᠡᠢ ᠪᠠᠶᠢᠳᠠᠭ᠃ | ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠠᠮᠲᠠᠲᠤ ᠬᠡᠮᠬᠡ᠂ ᠲᠠᠷᠪᠤᠰ ᠵᠡᠷᠭᠡ | ᠣᠨᠴᠠᠯᠢᠭᠲᠤ ᠵᠢᠮᠢᠰ ᠳᠠᠷᠢᠭᠤᠯᠪᠠ᠃ ᠡᠭᠦᠨ ᠤ ᠬᠠᠮᠲᠤ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠳᠤᠮᠳᠠ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠪᠠᠶᠢᠳᠠᠯ ᠢ ᠣᠨᠣᠪᠴᠢᠲᠠᠶ ᠠᠳᠬᠤᠬᠤ ᠶᠢ ᠵᠣᠷᠢᠭᠵᠢᠭᠤᠯᠵᠤ᠂ | ᠤᠯᠠᠭᠠᠨ ᠯᠤᠤᠪᠠᠩ᠂ ᠠᠮᠲᠠᠲᠤ ᠬᠡᠮᠬᠡ᠂ ᠲᠠᠷᠪᠤᠰ ᠵᠡᠷᠭᠡ ᠴᠢᠨᠠᠷ ᠰᠠᠶᠢᠲᠠᠶ ᠢᠳᠡᠰᠢᠨ ᠨᠣᠭᠤᠭ᠎ᠠ ᠭᠤᠸ᠎ᠠ ᠵᠢᠮᠢᠰ ᠢ | ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | | | | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠤᠬᠠᠭᠤᠯᠬᠤ ᠭᠡᠰᠢᠭᠦᠨ ᠵᠣᠣ | ᠸᠧᠨ ᠹᠸᠢ᠄ ︽ᠤᠰᠤᠲᠤ ᠪᠠᠯᠭᠠᠰᠤᠨ ᠤ ᠭᠤᠸ᠎ᠠ ᠵᠢᠮᠢᠰ ᠤᠨ ᠠᠵᠤ ᠦᠢᠯᠡᠰ ᠲᠠᠰᠤᠷᠠᠯᠲᠠ ᠥᠬᠡᠶ ᠬᠥᠭᠵᠢᠨ | ᠪᠤᠵᠠᠭᠠᠶᠢᠷᠠᠵᠤ᠂ ᠡᠨᠡ ᠵᠢᠯ ᠠᠮᠲᠠᠲᠤ ᠬᠡᠮᠬᠡ 180 ᠮᠥ᠂ ᠲᠠᠷᠪᠤᠰ 300 ᠭᠠᠷᠤᠶ ᠮᠥ ᠳᠠᠷᠢᠵᠤ᠂ ᠶᠡᠷᠦᠩᠬᠡᠶ | ᠭᠠᠷᠤᠯᠲᠠ 200 ᠲᠦᠮᠡᠨ ᠵᠢᠩ ᠣᠷᠴᠢᠮ ᠪᠠᠶᠢᠵᠤ᠂ ᠵᠢᠱᠢᠯᠲᠡ ᠪᠠᠷ ᠶᠡᠷᠦᠩᠬᠡᠶ ᠣᠷᠣᠯᠭ᠎ᠠ 6 ᠵᠠᠭᠤᠨ ᠲᠦᠮᠡᠨ | ᠲᠥᠭᠦᠷᠢᠭ ᠲᠤ ᠬᠦᠷᠬᠦ ᠪᠣᠯᠤᠨ᠎ᠠ︾ ᠭᠡᠵᠦ ᠲᠠᠨᠢᠯᠴᠠᠭᠤᠯᠪᠠ᠃ ᠤᠶᠢᠷ᠎ᠠ ᠳᠤ᠂ ᠲᠠᠷᠢᠶᠠᠴᠢᠳ ᠶᠠᠭ ᠬᠦᠷ | ᠬᠥᠭᠵᠢᠶᠡᠨ ᠲᠠᠢ ᠲᠡᠭᠦᠬᠦ ᠪᠠ ᠵᠥᠭᠡᠭᠡᠪᠦᠷᠢᠯᠡᠬᠦ ᠪᠠᠷ ᠶᠠᠭᠠᠷᠠᠵᠤ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ | ᠪᠠᠶᠢᠳᠠᠯ ᠢᠯᠡᠷᠡᠪᠡ᠃ | | | | | | | | | ᠰᠤᠷᠪᠤᠯᠵᠢᠯᠠᠭᠴᠢ᠄ ᠸᠠᠩ ᠯᠸᠢ ᠵᠠᠩ ᠰᠢᠶᠤᠤ ᠳ᠋ᠦᠩ ᠴᠢᠨ ᠢᠦᠶ | ᠣᠷᠴᠢᠭᠤᠯᠣᠨᠨᠴᠢ᠄ ᠭᠧ ᠲᠣᠸᠠᠨ ᠯᠢᠶᠡᠨ | | |