ᠠᠷᠠᠳ ᠤᠨ ᠶᠠᠪᠤᠳᠠᠯ ᠤᠨ ᠲᠤᠰᠠᠯᠠᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠬᠥᠭᠵᠢᠯᠲᠡ ᠳᠤ | ᠬᠦᠴᠦᠨ ᠨᠡᠮᠡᠷᠢᠯᠡᠬᠦ ᠶᠢᠨ ᠲᠥᠯᠥᠭᠡ᠂ 8 ᠰᠠᠷ᠎ᠠ ᠶᠢᠨ 21 ᠤ ᠡᠳᠦᠷ᠂ ᠵᠡᠭᠡᠷᠡᠲᠦ ᠬᠤᠲᠠ ᠪᠠᠯᠭᠠᠰᠤᠨ ᠤ | ᠠᠷᠠᠳ ᠤᠨ ᠬᠥᠳᠡᠯᠮᠦᠷᠢ ᠶᠢᠨ ᠭᠠᠵᠠᠷ ᠤᠨ ᠳᠠᠷᠤᠭ᠎ᠠ ᠭᠤᠤ ᠬᠤᠶ ᠮᠢᠨ ᠪᠥᠬᠦ ᠪᠠᠯᠭᠠᠰᠤᠨ ᠤ ᠠᠷᠠᠳ ᠤᠨ | ᠶᠠᠪᠤᠳᠠᠯ ᠤᠨ ᠲᠤᠰᠠᠯᠠᠭᠴᠢ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠠ᠃ | | | | | ᠭᠤᠤ ᠾᠦᠢ ᠮᠢᠨ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠬᠤᠯᠪᠣᠭᠳᠠᠯ ᠪᠥᠬᠦᠶ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯ ᠤᠨ ᠴᠢᠬᠤᠯᠠ ᠪᠢᠴᠢᠭ | ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ 2024 ᠣᠨ ᠤ ᠠᠷᠠᠳ ᠤᠨ | ᠶᠠᠪᠤᠳᠠᠯ ᠤᠨ ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶᠢᠯᠠᠯᠲᠠ ᠬᠢᠪᠠ᠃ | ᠪᠣᠯᠪᠠᠰᠤᠷᠠᠭᠤᠯᠤᠯ ᠨᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠵᠡᠮᠳᠡᠭᠴᠦᠳ ᠢ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠡᠯ᠎ᠡ ᠲᠥᠷᠥᠯ ᠤᠨ ᠨᠡᠶᠢᠭᠡᠮ ᠤᠨ | ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠲᠠᠶᠢᠯᠪᠤᠷᠢᠯᠠᠨ ᠲᠣᠳᠣᠷᠬᠠᠶᠢᠯᠠᠯᠲᠠ ᠬᠢᠪᠠ᠃ | ᠬᠤᠷᠠᠯ ᠠᠴᠠ᠂ ᠡᠯ᠎ᠡ ᠲᠣᠰᠬᠤᠨ ᠤ ᠲᠤᠰᠠᠯᠠᠭᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠠᠷᠠᠳ ᠤᠨ ᠶᠠᠪᠤᠳᠠᠯ ᠤᠨ ᠠᠵᠢᠯ ᠤᠨ ᠦᠨᠳᠦᠰᠦᠨ ᠵᠠᠷᠴᠢᠮ ᠢ ᠰᠠᠶᠢᠲᠤᠷ ᠡᠵᠡᠮᠳᠡᠵᠦ᠂ ᠠᠷᠠᠳ ᠲᠦᠮᠡᠨ ᠳᠤ | ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ | ᠴᠢᠩᠭᠠᠳᠬᠠᠵᠤ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ | ᠭᠦᠢᠴᠡᠳ ᠰᠠᠶᠢᠲᠤᠷ ᠡᠵᠡᠮᠰᠢᠵᠦ᠂ ᠲᠤᠬᠠᠶᠢᠯᠠᠭᠰᠠᠨ ᠠᠵᠢᠯ ᠤᠨ ᠰᠤᠷᠤᠯᠴᠠᠬᠤ ᠤᠬᠠᠮᠰᠠᠷ ᠢᠶᠠᠨ ᠴᠢᠩᠭᠠᠳᠬᠠᠬᠤ | ᠬᠡᠷᠡᠭᠲᠡᠢ᠃ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠴᠠᠭ | ᠲᠤᠬᠠᠢ ᠳᠤᠨᠢ ᠣᠶᠢᠯᠠᠭᠠᠵᠤ᠂ ᠤᠯᠤᠯᠴᠠᠭ᠎ᠠ ᠰᠣᠯᠢᠯᠴᠠᠬᠤ ᠤᠬᠠᠮᠰᠠᠷ ᠢᠶᠠᠨ ᠴᠢᠩᠭᠠᠳᠬᠠᠵᠤ᠂ ᠬᠤᠳᠠ ᠬᠥᠳᠡᠭᠡ ᠶᠢᠨ | ᠬᠦᠴᠢᠷᠳᠡᠯᠲᠡᠢ ᠰᠠᠭᠤᠭᠠᠯᠢ ᠠᠷᠠᠳ ᠤᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ | ᠬᠦᠴᠢᠷᠳᠡᠯᠲᠡᠢ ᠤᠯᠠᠨ ᠲᠦᠮᠡᠨ ᠤ ᠲᠡᠷᠡ ᠳᠠᠷᠤᠢ ᠳᠤᠨᠢ ᠠᠪᠤᠷᠠᠨ ᠲᠤᠰᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠴᠦᠰ ᠲᠤ᠂ ᠪᠠᠯᠭᠠᠰᠤᠨ ᠤ ᠠᠷᠠᠳ ᠤᠨ ᠬᠥᠳᠡᠯᠮᠦᠷᠢ ᠶᠢᠨ ᠭᠠᠵᠠᠷ ᠤᠨ ᠠᠵᠢᠯᠲᠠᠨ ᠪᠠᠰᠠ ᠬᠤᠯᠪᠣᠭᠳᠠᠯ | ᠪᠦᠬᠦᠢ ᠳᠠᠩᠰᠠ ᠡᠪᠬᠡᠮᠡᠯ ᠢ ᠲᠠᠭᠯᠠᠨ ᠪᠢᠴᠢᠬᠦ ᠪᠠ ᠡᠮᠬᠢᠯᠡᠬᠦ ᠳᠤ ᠪᠣᠯᠪᠠᠰᠤᠷᠠᠯ ᠬᠢᠵᠦ ᠵᠢᠭᠠᠨ ᠵᠢᠯᠣᠭᠤᠳᠪᠠ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠡᠷᠡᠲᠦ ᠬᠤᠲᠠ ᠪᠠᠯᠭᠠᠰᠦᠨ ᠤ | ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |