ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2.5 ᠲᠦᠮᠡᠨ ᠮᠦ ᠤᠯᠠᠭᠠᠨ ᠯᠤᠤᠪᠠᠩ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2024/8/27
                           ᠨᠠᠮᠤᠷ ᠤᠨ ᠬᠤᠷᠢᠶᠠᠯᠲᠠ ᠶᠢᠨ ᠴᠠᠭ ᠬᠦᠷᠴᠦ ᠢᠷᠡᠨ ᠰᠢᠷᠭᠠᠯ ᠨᠠᠮᠤᠷ ᠤᠨ ᠦᠩᠭᠡ ᠦᠵᠡᠮᠵᠢ ᠵᠢᠷᠤᠭ ᠮᠡᠲᠦ ᠲᠣᠳᠣᠷᠡᠵᠦ᠂ ᠡᠯᠪᠡᠭ ᠬᠤᠷᠢᠶᠠᠯᠲᠠ ᠶᠢᠨ ᠢᠷᠠᠭᠤ ᠲᠠᠭᠤᠨ ᠴᠣᠣᠷᠢᠶᠠᠳᠣᠨ᠎ᠠ᠃ ᠣᠳᠣᠬᠠᠨ ᠳᠤ ᠶᠠᠭ ᠤᠯᠠᠭᠠᠨ ᠯᠤᠤᠪᠠᠩ ᠬᠤᠷᠢᠶᠠᠬᠤ ᠤᠯᠠᠷᠢᠯ ᠪᠠᠶᠢᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠲᠠᠷᠢᠶᠠᠨ ᠭᠠᠵᠠᠷ ᠲᠤ᠂ ᠲᠠᠷᠢᠶᠠᠴᠢᠳ ᠬᠤᠣᠯᠣᠪᠠᠩ ᠬᠤᠷᠢᠶᠠᠵᠦ ᠶᠠᠭᠠᠷᠠᠯᠳᠣᠵᠦ ᠪᠠᠶᠢᠯ᠎ᠠ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠤᠯᠠᠭᠠᠨ ᠯᠤᠤᠪᠠᠩ ᠲᠠᠷᠢᠬᠤ

ᠰᠠᠭᠤᠷᠢᠨ ᠭᠠᠵᠠᠷ ᠲᠤ ᠬᠦᠷᠬᠦ ᠳᠤ᠂ ᠤᠯᠠᠭᠠᠨ ᠯᠤᠤᠪᠠᠩ ᠢᠭᠴᠤ ᠰᠠᠬᠤᠯᠢᠭ ᠪᠠᠶᠢᠵᠤ᠂ ᠤᠷᠭᠤᠴᠠ ᠨᠢ ᠬᠦᠮᠦᠰ ᠤᠨ

ᠰᠡᠳᠬᠢᠯ ᠢ ᠪᠠᠶᠠᠰᠬᠠᠨ᠎ᠠ᠃ ᠲᠠᠷᠢᠶᠠᠯᠠᠩ ᠤᠨ ᠮᠠᠰᠢᠨ ᠤ ᠬᠦᠩᠭᠢᠨᠡᠬᠦ ᠳᠠᠭᠤᠨ ᠢ ᠳᠠᠭᠠᠯᠳᠤᠨ ᠤᠯᠠᠭᠠᠨ ᠯᠤᠤᠪᠠᠩ

ᠭᠠᠵᠡᠷ ᠲᠣᠣᠷ᠎ᠡ ᠠᠴᠠ ᠣᠨᠳᠣᠷᠤᠨ ᠭᠠᠷᠴᠤ ᠢᠷᠡᠨ᠂  ᠲᠠᠷᠢᠶᠠᠴᠢᠳ ᠡᠮᠬᠢᠯᠡᠬᠦ᠂ ᠣᠭᠤᠲᠠᠨ ᠳᠤ ᠰᠠᠪᠠᠯᠠᠬᠤ᠂

ᠵᠦᠭᠡᠭᠡᠪᠦᠷᠢᠯᠡᠬᠦ ᠲᠣᠰ ᠲᠣᠰ ᠤᠨ ᠠᠵᠢᠯ ᠤᠨ ᠬᠤᠪᠢᠶᠠᠷᠢᠯᠠᠯ ᠲᠠᠢ ᠪᠠᠶᠢᠵᠤ᠂ ᠲᠡᠭᠦᠵᠦ ᠠᠪᠤᠭᠰᠠᠨ ᠤ ᠳᠠᠷᠠᠭᠠᠬᠢ

ᠤᠯᠠᠭᠠᠨ ᠯᠤᠤᠪᠠᠩ ᠢ ᠲᠡᠷᠡ ᠳᠠᠷᠤᠶ ᠳᠤᠨᠢ ᠲᠤᠬᠠᠶ ᠶᠢᠨ ᠭᠠᠵᠠᠷ ᠤᠨ ᠡᠳ᠋ᠰᠢᠭᠦᠯᠬᠦ ᠠᠵᠤ ᠠᠬᠤᠶᠢᠯᠠᠯ ᠳᠤ

ᠵᠥᠭᠡᠭᠡᠪᠦᠷᠢᠯᠡᠨ ᠬᠦᠷᠭᠡᠵᠦ ᠪᠣᠯᠪᠠᠰᠣᠷᠠᠭᠤᠯᠣᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠲᠠᠷᠢᠮᠠᠯ ᠤᠨ ᠡᠷᠦᠬᠡ ᠯᠢᠨ ᠹᠦ᠋

ᠯᠢᠶᠠᠩ᠄ ︽ᠡᠨᠡ ᠵᠢᠯ 95 ᠮᠦ ᠤᠯᠠᠭᠠᠨ ᠯᠤᠤᠪᠠᠩ ᠳᠠᠷᠢᠵᠤ᠂ ᠮᠦ ᠪᠦᠷᠢ ᠶᠢᠨ ᠤᠨᠠᠯᠲᠠ 8000 ᠵᠢᠩ᠂ ᠡᠬᠡ

ᠮᠥᠩᠭᠦ 2500 ᠲᠥᠭᠦᠷᠢᠭ ᠣᠷᠴᠢᠮ᠂ ᠴᠡᠪᠡᠷ ᠠᠰᠢᠭ ᠣᠷᠣᠯᠭ᠎ᠠ 3000 ᠲᠥᠭᠦᠷᠢᠭ ᠣᠷᠴᠢᠮ ᠪᠠᠶᠢᠵᠤ᠂ ᠦᠷ᠎ᠡ

ᠠᠰᠢᠭ ᠨᠡᠯᠢᠶᠡᠳ ᠰᠠᠶᠢᠨ ᠪᠠᠶᠢᠵᠤ᠂ ᠳᠠᠷᠠᠭ᠎ᠠ ᠵᠢᠯ ᠦᠷᠭᠦᠯᠵᠢᠯᠡᠨ ᠴᠢᠷᠮᠠᠶᠢᠨ᠎ᠠ︾  ᠭᠡᠵᠦ ᠪᠠᠶᠠᠷᠳᠡᠶᠢᠬᠠᠨ ᠬᠡᠯᠡᠨ᠎ᠡ᠃

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠭᠠᠵᠠᠷ ᠰᠢᠷᠣᠶ ᠨᠢ ᠵᠥᠭᠡᠯᠡᠨ᠂

ᠭᠡᠷᠡᠯ ᠤᠨ ᠲᠤᠰᠤᠯᠲᠠ ᠤᠷᠲᠤ᠂ ᠳᠤᠯᠠᠭᠠᠨ ᠤ ᠵᠥᠷᠢᠶ᠎ᠡ ᠶᠡᠭᠡ ᠪᠠᠶᠢᠵᠤ᠂   ᠤᠯᠠᠭᠠᠨ ᠯᠤᠤᠪᠠᠩ ᠲᠠᠷᠢᠬᠤ ᠳᠤ

ᠲᠣᠬᠢᠷᠠᠮᠵᠢᠳᠡᠢ ᠪᠠᠶᠢᠵᠦ᠂ ᠣᠯᠠᠨ ᠵᠢᠯ ᠤᠨ ᠬᠥᠭᠵᠢᠯᠲᠡ ᠪᠠᠷ ᠳᠡᠮᠵᠢᠨ᠂ ᠤᠯᠠᠭᠠᠨ ᠯᠤᠤᠪᠠᠩ ᠳᠠᠷᠢᠬᠤ ᠨᠢ ᠨᠢᠭᠡᠨᠲᠡ

ᠲᠤᠬᠠᠶ ᠶᠢᠨ ᠭᠠᠵᠠᠷ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠭᠤᠤᠯ ᠠᠵᠤ

ᠦᠢᠯᠡᠰ ᠤᠨ ᠨᠢᠭᠡ ᠪᠣᠯᠵᠣ᠂ ᠦᠢᠯᠡᠳᠪᠦᠷᠢᠯᠡᠭᠰᠡᠨ ᠤᠯᠠᠭᠠᠨ ᠯᠤᠤᠪᠠᠩ ᠨᠢ ᠲᠣᠮᠣ᠂ ᠳᠡᠭᠡᠷ᠎ᠡ ᠳᠣᠤᠷ᠎ᠠ  ᠵᠢᠭᠳᠡ  

ᠲᠡᠭᠰᠢ᠂ ᠠᠷᠠᠰᠤ ᠨᠢᠮᠭᠡᠨ ᠪᠥᠭᠡᠳ ᠰᠢᠬᠢᠷᠯᠢᠭ᠂ ᠥᠩᠭᠡ ᠪᠤᠳᠤᠭ ᠢᠶᠠᠷ ᠰᠠᠶᠢᠨ ᠪᠠᠶᠢᠵᠤ᠂ ᠸᠢᠲ᠋ᠠᠮᠢᠨ ᠡᠯᠪᠡᠭ ᠪᠣᠯᠬᠤᠷ

ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠭ᠎ᠠ ᠰᠠᠶᠢᠲᠠᠶ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠯᠤᠤᠪᠠᠩ ᠪᠣᠯ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ

ᠬᠥᠭᠵᠢᠯᠲᠡ ᠶᠢᠨ ᠬᠤᠷᠢᠶᠠᠩᠭᠤᠢ ᠳᠦᠷᠰᠦ ᠪᠣᠯᠤᠨ᠎ᠠ᠃ ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠲᠠᠷᠢᠮᠠᠯ ᠤᠨ ᠦᠢᠯᠡᠰ ᠢ

ᠬᠥᠭᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠠᠷᠭ᠎ᠠ ᠵᠠᠮ ᠢ ᠬᠦᠴᠦᠯᠡᠨ ᠰᠦᠪᠡᠭᠴᠢᠯᠡᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ

ᠪᠠᠷᠢᠮᠲᠠᠯᠠᠵᠤ᠂ ᠣᠨᠴᠠᠯᠢᠭ ᠢᠶᠠᠷ ᠢᠯᠡ ᠲᠣᠳᠣ᠂ ᠪᠠᠶᠢᠷᠢᠰᠢᠭᠤᠯᠤᠯ ᠨᠢ ᠵᠦᠢ ᠵᠣᠬᠢᠰᠲᠠᠢ᠂ ᠬᠡᠪᠴᠢᠶᠡᠵᠢᠭᠦᠯᠦᠨ

ᠡᠵᠡᠩᠨᠡᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ

ᠠᠬᠢᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠲᠠᠷᠢᠶᠠᠴᠢᠳ ᠢ

ᠲᠠᠶᠢᠴᠢᠯᠠᠨ ᠤᠨᠴᠠᠯᠢᠬᠳᠤ ᠠᠵᠤ ᠦᠢᠯᠡᠰ ᠢᠶᠠᠷ ᠳᠠᠮᠵᠢᠨ ᠣᠷᠣᠯᠭ᠎ᠠ ᠶᠢ ᠨᠢ ᠨᠡᠮᠡᠭᠳᠡᠭᠦᠯᠵᠦ᠂ ᠲᠠᠷᠢᠶᠠᠴᠢᠨ ᠡᠷᠦᠬᠡ ᠳᠤ

ᠠᠰᠢᠭ ᠬᠦᠷᠲᠡᠭᠡᠪᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠪᠠᠯᠭᠠᠰᠦᠨ ᠳᠠᠷᠤᠭ᠎ᠠ ᠵᠠᠩ

ᠵᠢᠶᠠᠨ ᠵᠢᠶᠦ᠋ᠨ᠄ ︽ᠣᠶᠢᠷ᠎ᠠ ᠶᠢᠨ ᠵᠢᠯ ᠳᠤ᠂ ᠤᠰᠤᠲᠤ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢ ᠤᠷᠢᠳ ᠢᠶᠠᠷ

ᠬᠥᠭᠵᠢᠭᠦᠯᠵᠦ᠂ ︿ᠤᠯᠠᠭᠠᠨ ᠯᠤᠤᠪᠠᠩ ᠢᠶᠠᠷ ᠭᠤᠤᠯ ᠪᠣᠯᠭᠠᠭᠰᠠᠨ ᠢᠳᠡᠰᠢᠨ ᠨᠣᠭᠤᠭ᠎ᠠ ᠳᠠᠷᠢᠬᠤ᠂ ᠲᠥᠮᠥᠰᠥ ᠪᠠᠷ

ᠭᠤᠤᠯ ᠪᠣᠯᠭᠠᠭᠰᠠᠨ ᠭᠤᠤᠯ ᠠᠮᠤ ᠪᠤᠳᠠᠭ᠎ᠠ ᠳᠠᠷᠢᠬᠤ᠂ ᠨᠡᠷᠡᠨ ᠬᠤᠸᠠᠷ ᠢᠶᠠᠷ ᠭᠤᠤᠯ ᠪᠣᠯᠭᠠᠭᠰᠠᠨ ᠠᠵᠤ ᠠᠬᠤᠶ ᠶᠢᠨ

ᠲᠠᠷᠢᠮᠠᠯ﹀ ᠭᠡᠬᠦ ᠭᠤᠷᠪᠠᠨ ᠶᠡᠭᠡ ᠲᠥᠷᠥᠯ ᠤᠨ ᠲᠠᠷᠢᠮᠠᠯ ᠤᠨ ᠠᠵᠤ ᠦᠢᠯᠡᠰ ᠢ ᠠᠯᠬᠤᠮ ᠠᠯᠬᠤᠮ ᠢᠶᠠᠷ  ᠪᠣᠶ  

ᠪᠣᠯᠭᠠᠪᠠ᠃ ᠢᠯᠠᠩᠭᠤᠶ᠎ᠠ ᠤᠯᠠᠭᠠᠨ ᠯᠤᠤᠪᠠᠩ ᠨᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠪᠠᠭᠤᠯᠢᠭ

ᠤᠨᠴᠠᠯᠢᠬᠳᠤ ᠠᠵᠤ ᠦᠢᠯᠡᠰ ᠪᠣᠯᠤᠭᠰᠠᠨ ᠤ ᠬᠤᠪᠢ ᠳᠤ᠂ ᠤᠰᠤᠲᠤ ᠪᠠᠯᠭᠠᠰᠤ ᠨᠢ ︿ᠤᠯᠠᠭᠠᠨ ᠯᠤᠤᠪᠠᠩ ᠤᠨ

ᠨᠤᠲᠤᠭ﹀ ᠢ ᠪᠠᠶᠢᠭᠤᠯᠬᠤ ᠪᠠᠷ ᠴᠢᠷᠮᠠᠶᠢᠵᠤ᠂ ᠵᠢᠯ ᠪᠦᠷᠢ ᠶᠢᠨ ᠲᠠᠷᠢᠬᠤ ᠲᠠᠯᠠᠪᠠᠢ ᠶᠢ 1.5 ᠲᠦᠮᠡᠨ ᠮᠦ ᠣᠷᠴᠢᠮ ᠳᠤ

ᠲᠣᠭᠲᠠᠪᠤᠷᠢᠵᠢᠭᠤᠯᠪᠠ᠃ ᠮᠦ ᠪᠦᠷᠢ ᠶᠢᠨ ᠤᠨᠠᠯᠲᠠ 1 ᠲᠦᠮᠡᠨ ᠵᠢᠩ ᠢᠶᠠᠷ ᠪᠣᠳᠣᠪᠠᠯ᠂ ᠣᠳᠣᠬᠠᠨ ᠤ ᠵᠠᠬ᠎ᠠ

ᠳᠡᠯᠭᠡᠭᠦᠷ ᠤᠨ ᠦᠨ᠎ᠡ ᠬᠠᠩᠰᠢ ᠶᠢᠨ ᠶᠡᠷᠦᠩᠬᠡᠶ ᠦᠢᠯᠡᠳᠬᠦᠨ ᠤ ᠥᠷᠲᠡᠭ 1.2 ᠳ᠋ᠦᠩᠰᠢᠭᠤᠷ ᠲᠥᠭᠦᠷᠢᠭ ᠲᠤ

ᠬᠦᠷᠬᠦ ᠪᠣᠯᠤᠨ᠎ᠠ᠃ ᠡᠭᠦᠨ ᠤ ᠬᠠᠮᠲᠤ ᠤᠰᠤᠲᠤ ᠪᠠᠯᠭᠠᠰᠤ ᠤᠯᠠᠭᠠᠨ ᠯᠤᠤᠪᠠᠩ ᠢᠶᠠᠷ ᠭᠤᠣᠯ ᠪᠣᠯᠭᠠᠭᠰᠠᠨ ᠬᠦᠢᠲᠡᠨ

ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠰᠢᠭᠤᠯᠵᠤ᠂ ᠠᠵᠤ ᠦᠢᠯᠡᠰ ᠤᠨ

ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ 9 ᠬᠥᠮᠥᠷᠭᠡᠯᠡᠨ ᠬᠠᠳᠠᠭᠠᠯᠠᠬᠤ ᠲᠣᠭᠲᠠᠮᠠᠯ ᠳᠤᠯᠠᠭᠠᠨ ᠤ

ᠬᠥᠮᠥᠷᠭᠡ ᠶᠢ ᠢᠵᠢ ᠪᠦᠷᠢᠳᠦᠭᠦᠯᠦᠨ ᠪᠠᠶᠢᠭᠤᠯᠵᠤ᠂ 4 ᠲᠦᠮᠡᠨ ᠲᠣᠨ ᠬᠠᠳᠠᠭᠠᠯᠠᠭᠳᠠᠴᠠ ᠲᠠᠢ᠃ ᠳᠠᠷᠠᠭᠠᠴᠢ ᠶᠢᠨ

ᠠᠯᠬᠤᠮ ᠳᠤ᠂ ᠤᠰᠤᠲᠤ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠤᠯᠠᠨ ᠲᠦᠮᠡᠨ ᠢ

ᠤᠯᠠᠮ ᠴᠢᠨᠠᠭᠰᠢᠳᠠ ᠬᠦᠳᠦᠯᠦᠨ ᠵᠢᠯᠣᠭᠤᠳᠴᠤ ᠪᠠᠶᠢᠭᠠᠳ ᠤᠨᠴᠠᠯᠢᠬᠳᠤ ᠳᠠᠪᠠᠭᠤᠯᠢᠭ ᠠᠵᠤ ᠦᠢᠯᠡᠰ ᠢ

ᠬᠥᠭᠵᠢᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠤᠨ ᠢ ᠪᠦᠬᠦ

ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠪᠡᠶᠡᠯᠡᠭᠦᠯᠦᠨ᠎ᠡ᠃

          ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号