ᠦᠢᠯᠡᠴᠢᠯᠡᠬᠦ ᠡᠲᠡᠭᠡᠳ᠄ | ᠪᠠᠶᠢᠭᠠᠯᠢ ᠬᠦᠮᠦᠨ᠂ ᠠᠵᠢᠯ ᠦᠢᠯᠡᠰ ᠤᠨ ᠬᠠᠤᠯᠢ ᠶᠢᠨ ᠡᠷᠭᠡᠳᠡᠨ᠂ ᠠᠵᠤ ᠠᠬᠤᠶᠢᠯᠠᠯ ᠤᠨ ᠬᠠᠤᠯᠢ ᠶᠢᠨ | ᠡᠷᠭᠡᠳᠡᠨ᠂ ᠬᠠᠤᠯᠢ ᠶᠢᠨ ᠡᠷᠭᠡᠳᠡᠨ ᠤ ᠪᠤᠰᠤ ᠠᠵᠤ ᠠᠬᠤᠶᠢᠯᠠᠯ᠂ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ | ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠭᠡᠳᠡᠨ | ᠰᠢᠢᠳᠪᠦᠷᠢᠯᠡᠬᠦ ᠬᠡᠯᠪᠡᠷᠢ᠄ | ᠴᠣᠩᠬᠤᠪᠴᠢ ᠪᠠᠷ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ | ᠠᠰᠠᠭᠤᠨ ᠯᠠᠪᠯᠠᠬᠤ ᠬᠡᠯᠪᠡᠷᠢ᠄ 0474 - 2330321 | ᠬᠢᠨᠠᠯᠳᠡ ᠲᠠᠯᠪᠢᠵᠤ ᠵᠠᠯᠭᠠᠯᠳᠣᠬᠤ ᠠᠷᠭ᠎ᠠ ᠮᠠᠶ᠋ᠢᠭ᠄ 0474 -12345 | ᠭᠦᠢᠴᠡᠳᠭᠡᠬᠦ ᠭᠠᠵᠠᠷ᠄ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠬᠥᠬᠡᠪᠦᠷ ᠪᠠᠯᠭᠠᠰᠤᠨ ᠤ ᠰᠢᠶᠠᠩ ᠯᠠᠨ ᠶᠡᠭᠡ ᠵᠡᠭᠡᠯᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠬᠤᠶᠢᠲᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠮᠥᠩᠬᠡ ᠰᠤᠪᠠᠭ ᠤᠨ ᠨᠡᠶᠢᠭᠡᠮ ᠠᠷᠠᠳ ᠤᠨ | ᠠᠮᠢᠳᠤᠷᠠᠯ ᠤᠨ ᠬᠡᠷᠡᠭ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ︵ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ︶ | ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 9᠄ 00 — | 12᠄ 00᠂ ᠦᠳᠡ ᠶᠢᠨ ᠬᠤᠶᠢᠨ᠎ᠠ 14᠄ 30—18᠄ 00 ︵ᠬᠠᠤᠯᠢ ᠳᠤ ᠲᠤᠭᠳᠠᠭᠠᠭᠰᠠᠨ ᠪᠠᠶᠠᠷ ᠲᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠦᠯᠢᠶᠡᠨ ᠠᠪᠴᠤ ᠰᠢᠢᠳᠪᠦᠷᠢᠯᠡᠬᠦ ᠨᠦᠬᠦᠴᠡᠯ᠄ | ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠬᠤᠳᠠᠯᠳᠤᠨ ᠠᠪᠤᠭᠴᠢ ᠯᠤᠭ᠎ᠠ ᠲᠠᠸᠠᠷ ᠤᠨ ᠭᠡᠷ ᠪᠠᠶᠢᠰᠢᠩ ᠤᠨ | ᠬᠤᠳᠠᠯᠳᠤᠭᠠᠨ ᠤ ᠭᠡᠷ᠎ᠡ ᠲᠣᠭᠲᠠᠬᠤ ᠶᠢᠨ ᠬᠠᠮᠲᠤ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠣᠯᠤᠨ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠠᠸᠠᠷ ᠤᠨ ᠭᠡᠷ ᠪᠠᠶᠢᠰᠢᠩ ᠤᠨ ᠬᠤᠳᠠᠯᠳᠤᠭᠠᠨ ᠤ ᠭᠡᠷ᠎ᠡ ᠶᠢ | ᠳᠠᠩᠰᠠᠯᠠᠭᠤᠯᠬᠤ ᠭᠠᠷᠳᠠᠮ ᠭᠦᠢᠴᠡᠳᠬᠡᠬᠦ ᠬᠡᠷᠡᠭᠲᠡᠶ᠃ | ᠪᠠᠶᠢᠷᠢᠯᠠᠭᠤᠯᠤᠭᠰᠠᠨ ᠦᠨᠳᠦᠰᠦ ᠪᠠᠷᠢᠮᠲᠠ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ | ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾ ᠶᠢᠨ ᠲᠠᠪᠢᠨ ᠳᠥᠷᠪᠡᠳᠦᠭᠡᠷ ᠵᠦᠢᠯ᠄ ᠭᠡᠷ ᠪᠠᠶᠢᠰᠢᠩ | ᠲᠦᠷᠢᠶᠡᠰᠦᠯᠡᠭᠦᠯᠬᠦ ᠳᠤ᠂ ᠲᠦᠷᠢᠶᠡᠰᠦᠯᠡᠭᠴᠢ ᠬᠢᠭᠡᠳ ᠲᠦᠷᠢᠶᠡᠰᠦᠯᠡᠭᠴᠢ ᠪᠢᠴᠢᠭ ᠢᠶᠠᠷ ᠲᠦᠷᠢᠶᠡᠰᠦᠯᠡᠬᠦ ᠭᠡᠷ᠎ᠡ | ᠲᠣᠭᠲᠠᠵᠤ᠂ ᠲᠦᠷᠢᠶᠡᠰᠦᠯᠡᠬᠦ ᠬᠤᠭᠤᠴᠠᠭ᠎ᠠ᠂ ᠲᠦᠷᠢᠶᠡᠰᠦᠯᠡᠬᠦ ᠬᠡᠷᠡᠭᠴᠡᠭᠡ᠂ ᠲᠦᠷᠢᠶᠡᠰᠦᠯᠡᠬᠦ ᠦᠨ᠎ᠡ ᠬᠠᠩᠰᠢ᠂ | ᠰᠡᠯᠪᠢᠨ ᠵᠠᠰᠠᠬᠤ ᠬᠠᠷᠢᠭᠤᠴᠠᠯᠭ᠎ᠠ ᠵᠡᠷᠭᠡ ᠵᠦᠢᠯ ᠵᠤᠷᠪᠤᠰ ᠵᠢᠴᠢ ᠬᠤᠶᠠᠷ ᠲᠠᠯ᠎ᠠ ᠶᠢᠨ ᠪᠤᠰᠤᠳ ᠡᠷᠬᠡ ᠡᠭᠦᠷᠭᠡ ᠶᠢ | ᠪᠣᠯᠵᠣᠨ ᠲᠣᠭᠲᠠᠭᠠᠬᠤ ᠶᠢᠨ ᠬᠠᠮᠲᠤ ᠭᠡᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠲᠡᠮᠳᠡᠭᠯᠡᠭᠦᠯᠵᠦ ᠳᠠᠩᠰᠠᠯᠠᠭᠤᠯᠬᠤ ᠬᠡᠷᠡᠭᠲᠡᠶ᠃ | ︽ᠬᠤᠲᠠ ᠶᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ | ᠶᠢᠨ ᠠᠷᠪᠠᠳᠤᠭᠠᠷ ᠵᠦᠢᠯ᠄ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠨᠡᠭᠡᠭᠡᠨ ᠬᠥᠭᠵᠢᠭᠦᠯᠬᠦ | ᠠᠵᠤ ᠠᠬᠤᠶᠢᠯᠠᠯ ᠬᠤᠳᠠᠯᠳᠤᠨ ᠠᠪᠤᠭᠴᠢ ᠲᠠᠢ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠭᠡᠷ᠎ᠡ | ᠲᠣᠭᠲᠠᠬᠤ ᠬᠡᠷᠡᠭᠲᠡᠶ᠃ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠭᠡᠷ᠎ᠡ ᠲᠣᠭᠲᠠᠭᠰᠠᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠲᠠ | ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠭᠡᠷ᠎ᠡ ᠶᠢᠨ ᠳᠠᠩᠰᠠᠯᠠᠨ ᠲᠡᠮᠳᠡᠭᠯᠡᠬᠦ ᠭᠠᠷᠳᠠᠮ ᠢ | ᠭᠦᠢᠴᠡᠳᠬᠡᠬᠦ ᠬᠡᠷᠡᠭᠲᠡᠶ᠃ | | | | | ᠣᠷᠴᠢᠭᠤᠯᠣᠨᠨᠴᠢ᠄ ᠭᠧ ᠲᠣᠸᠠᠨ ᠯᠢᠶᠡᠨ | | | | | |