ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠸᠢ ᠪᠸᠢ ᠯᠠᠩᠭᠤᠸᠠ ᠡᠯᠪᠡᠭ ᠬᠤᠷᠢᠶᠠᠯᠳᠡ ᠣᠯᠵᠦ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/29
     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2.1 ᠲᠦᠮᠡᠨ ᠮᠦ ᠪᠧᠢ ᠪᠧᠢ ᠪᠸᠢ ᠯᠠᠩᠭᠤᠸᠠ ᠡᠯᠪᠡᠭ ᠬᠤᠷᠢᠶᠠᠯᠲᠠ ᠣᠯᠵᠤ᠂  ᠲᠠᠷᠢᠶᠠᠴᠢᠳ ᠲᠡᠭᠦᠵᠦ ᠬᠤᠷᠢᠶᠠᠬᠤ ᠪᠠᠷ ᠶᠠᠭᠠᠷᠠᠯᠳᠣᠵᠦ᠂  ᠲᠠᠷᠢᠮᠡᠯ ᠤᠨ ᠰᠠᠭᠤᠷᠢᠨ ᠭᠠᠵᠠᠷ ᠲᠤ ᠡᠯᠪᠡᠭ ᠬᠤᠷᠢᠶᠠᠯᠳᠡ ᠶᠢᠨ ᠬᠥᠷ ᠬᠥᠭᠵᠢᠶᠡᠨ ᠲᠠᠢ ᠪᠠᠶᠢᠳᠡᠯ ᠢᠯᠡᠷᠡᠪᠡ᠃

      ᠰᠣᠷᠪᠣᠯᠵᠢᠯᠬᠠᠴᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨ ᠰᠢᠶᠠᠩ ᠤᠨ ᠪᠸᠢ ᠪᠸᠢ

ᠯᠠᠩᠭᠤᠸᠠ ᠶᠢᠨ ᠲᠠᠷᠢᠮᠠᠯ ᠤᠨ ᠰᠠᠭᠤᠷᠢᠨ ᠲᠤ ᠬᠦᠷᠬᠦ ᠳᠤ᠂ ᠭᠠᠵᠡᠷ ᠰᠠᠢ ᠦᠭᠡᠢ ᠣᠷᠭᠤᠨᠨᠰᠠᠨ ᠪᠸᠢ ᠪᠸᠢ ᠯᠠᠩᠭᠤᠸᠠ

ᠬᠦᠮᠦᠰ ᠤᠨ ᠬᠠᠷᠠᠭ᠎ᠠ ᠶᠢ ᠪᠣᠯᠢᠶᠠᠨ᠎ᠠ᠃ ᠠᠵᠢᠯᠴᠢᠳ ᠲᠠᠷᠢᠶᠠᠨ ᠭᠠᠵᠠᠷ ᠲᠤ ᠲᠡᠭᠦᠬᠦ᠂ ᠰᠢᠯᠢᠨ ᠰᠣᠩᠭᠤᠬᠤ᠂  

ᠣᠭᠤᠳᠡᠨ ᠳᠤ ᠰᠠᠪᠠᠯᠠᠬᠤ᠂ ᠲᠡᠷᠭᠡᠨ ᠳᠤ ᠲᠡᠭᠡᠭᠡᠬᠦ ᠪᠠᠷ ᠶᠠᠭᠠᠷᠠᠯᠳᠤᠵᠤ᠂ ᠲᠠᠷᠢᠶᠠᠨ ᠭᠠᠵᠡᠷ ᠲᠤ ᠡᠯᠪᠡᠭ

ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨ ᠰᠢᠶᠠᠩ ᠤᠨ ᠲᠠᠷᠢᠮᠠᠯ ᠤᠨ ᠡᠷᠦᠬᠡ ᠸᠧᠶ ᠬᠤᠩ

ᠲᠤᠤ᠄ ︽ᠡᠨᠡ ᠵᠢᠯ ᠮᠠᠨ ᠤ ᠲᠠᠷᠢᠨᠨᠰᠠᠨ ᠪᠧᠶ ᠪᠸᠢ ᠯᠠᠩᠭᠤᠸᠠ ᠶᠢᠨ ᠤᠷᠭᠤᠴᠠ  ᠨᠡᠯᠢᠶᠡᠳ ᠰᠠᠶᠢᠨ᠂ ᠠᠳᠡᠬᠢ

ᠬᠥᠷᠥᠰᠥ ᠰᠢᠷᠣᠶ ᠪᠸᠢ ᠪᠸᠢ ᠯᠠᠩᠭᠤᠸᠠ ᠳᠠᠷᠢᠬᠤ ᠳᠤ ᠲᠣᠬᠢᠷᠠᠮᠵᠢᠳᠡᠢ᠂ ᠡᠨᠡ ᠵᠢᠯ 30 ᠮᠥ ᠪᠸᠢ ᠪᠸᠢ ᠯᠠᠩᠭᠤᠸᠠ

ᠳᠠᠷᠢᠵᠤ᠂ ᠵᠢᠱᠢᠯᠲᠡ ᠪᠠᠷ 2500 — 2600 ᠵᠢᠩ ᠣᠷᠴᠢᠮ ᠤᠨ ᠣᠨᠠᠯᠳᠡ ᠲᠠᠢ ᠪᠠᠶᠢᠵᠤ᠂ ᠪᠸᠢ ᠪᠸᠢ

ᠯᠠᠩᠭᠤᠸᠠ ᠶᠢᠨ ᠠᠮᠲᠠ ᠰᠠᠶᠢᠨ ᠪᠠᠶᠢᠵᠤ᠂ ᠢᠷᠡᠬᠦ ᠵᠢᠯ ᠲᠠᠯᠠᠪᠠᠶ ᠪᠠᠨ ᠥᠷᠭᠡᠳᠬᠡᠨ ᠣᠷᠣᠯᠭ᠎ᠠ ᠪᠠᠨ ᠨᠡᠮᠡᠭᠳᠡᠭᠦᠯᠬᠦ ᠪᠠᠷ

ᠲᠥᠯᠥᠪᠯᠡᠵᠦ ᠪᠠᠶᠢᠨ᠎ᠠ︾ ᠭᠡᠪᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠪᠦᠲᠦᠭᠡᠭᠳᠡᠬᠦᠨ ᠤ ᠬᠡᠪᠴᠢᠶᠡᠵᠢᠯᠲᠡ᠂

ᠨᠠᠷᠠᠲᠤ ᠲᠡᠮᠳᠡᠭᠵᠢᠯᠲᠡ᠂ ᠵᠠᠬ᠎ᠠ ᠳᠡᠯᠭᠡᠭᠦᠷᠴᠢᠯᠡᠯᠲᠡ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠠᠵᠤ

ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠᠷ ᠳᠠᠮᠵᠢᠭᠤᠯᠤᠨ᠂ ᠲᠠᠷᠢᠶᠠᠯᠠᠩ ᠤᠨ ᠮᠡᠷᠭᠡᠵᠢᠯ ᠤᠨ

ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠰᠢᠨ᠎ᠡ ᠲᠥᠷᠥᠯ ᠵᠦᠢᠯ᠂ ᠰᠢᠨ᠎ᠡ

ᠮᠡᠷᠭᠡᠵᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠵᠦ᠂ ᠳᠡᠯᠭᠡᠷᠡᠭᠦᠯᠵᠦ᠂ ᠪᠸᠢ ᠪᠸᠢ

ᠯᠠᠩᠭᠤᠸᠠ ᠪᠣᠯᠣᠨ ᠤᠯᠠᠭᠠᠨ ᠯᠤᠤᠪᠠᠩ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ

ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠦᠨ᠂ ᠲᠠᠷᠢᠶᠠᠯᠠᠩ ᠤᠨ

ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠣᠬᠢᠶᠠᠨ ᠪᠠᠶᠢᠭᠤᠯᠣᠯᠳᠡ ᠬᠡᠪᠴᠢᠶᠡᠵᠢᠯ ᠢ ᠠᠬᠢᠭᠤᠯᠵᠤ᠂ ᠲᠠᠷᠢᠶᠠᠴᠢᠨ

ᠡᠷᠦᠬᠡ ᠶᠢᠨ ᠦᠨ᠎ᠡ ᠵᠥᠪᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠭᠠᠯᠢ ᠶᠢᠨ ᠠᠶᠤᠯ ᠲᠦᠭᠰᠢᠭᠦᠷᠢ ᠪᠠ ᠵᠠᠬ᠎ᠠ

ᠳᠡᠯᠭᠡᠭᠦᠷ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠤᠨᠴᠠᠯᠢᠬᠳᠤ

ᠳᠠᠪᠠᠭᠤᠯᠢᠭ ᠲᠠᠷᠢᠶᠠᠯᠠᠩ ᠤᠨ ᠠᠵᠤ ᠦᠢᠯᠡᠰ ᠢᠶᠠᠷ ᠳᠠᠮᠵᠢᠭᠤᠯᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ

ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃

 

           ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

           ᠣᠷᠴᠢᠭᠤᠯᠣᠨᠨᠴᠢ᠄  ᠭᠧ ᠲᠣᠸᠠᠨ ᠯᠢᠶᠡᠨ

           

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号