ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
          8 ᠰᠠᠷ᠎ᠠ ᠶᠢᠨ 1 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠰᠤᠷᠭᠠᠨ ᠬᠥᠮᠦᠵᠢᠯ ᠪᠣᠯᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠩᠭᠠᠳᠬᠠᠬᠤ

ᠲᠤᠬᠠᠢ ᠴᠢᠬᠤᠯᠠ ᠥᠭᠦᠯᠡᠯᠲᠡ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ

ᠬᠤᠶᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠪᠠ᠃

     ᠬᠤᠷᠠᠯ ᠠᠴᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠᠨ ᠴᠢᠩᠭᠠᠳᠬᠠᠵᠤ᠂ ᠨᠠᠮ ᠪᠣᠯᠤᠨ

ᠤᠯᠤᠰ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠭᠡᠯᠡᠵᠦ ᠪᠠᠶᠢᠭ᠎ᠠ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠡᠭᠦᠷᠭᠡ ᠬᠠᠷᠢᠭᠤᠴᠠᠯᠭ᠎ᠠ ᠪᠠᠨ

ᠰᠠᠶᠢᠲᠤᠷ ᠭᠦᠢᠴᠡᠳᠬᠡᠵᠦ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠢᠷᠠᠭᠤ

ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ

ᠪᠠᠬᠢᠵᠢᠭᠦᠯᠦᠨ ᠬᠥᠭᠵᠢᠭᠦᠯᠵᠦ᠂ ᠤᠯᠤᠰ ᠢᠶᠠᠨ ᠬᠦᠴᠦᠷᠬᠡᠭᠵᠢᠭᠦᠯᠦᠨ ᠴᠡᠷᠢᠭ ᠢᠶᠠᠨ ᠮᠠᠨᠳᠤᠭᠤᠯᠬᠤ ᠬᠦᠴᠦᠷᠬᠡᠭ ᠶᠡᠭᠡ

ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠠᠶᠢᠲᠤᠷ ᠬᠢᠬᠦ

ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠤᠯᠤᠰ ᠤᠨ

ᠠᠮᠤᠷ ᠲᠦᠪᠰᠢᠨ ᠪᠣᠯᠤᠨ ᠬᠥᠭᠵᠢᠯᠲᠡ ᠶᠢᠨ ᠶᠡᠭᠡ ᠬᠠᠨᠳᠤᠰᠢ ᠶᠢ ᠵᠥᠪ ᠲᠠᠨᠢᠨ ᠡᠵᠡᠮᠳᠡᠵᠦ᠂ ᠵᠥᠪ ᠣᠨᠣᠪᠴᠢᠲᠠᠢ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠪᠦᠬᠦ

ᠲᠠᠯ᠎ᠠ ᠶᠢᠨ ᠤᠬᠠᠮᠰᠠᠷ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠤᠬᠠᠮᠰᠠᠷ ᠪᠣᠯᠤᠨ

ᠡᠩ ᠲᠡᠷᠢᠭᠦᠨ ᠳᠤ ᠪᠠᠶᠢᠬᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠲᠤᠰ ᠨᠢᠭᠡᠴᠡ᠂ ᠲᠤᠰ ᠰᠠᠯᠠᠭ᠎ᠠ ᠮᠥᠴᠢᠷ ᠵᠢᠴᠢ ᠪᠦᠬᠦ ᠠᠷᠠᠳ ᠤᠨ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ

ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ

ᠳᠡᠮᠵᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ

ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ

ᠬᠤᠷᠢᠶ᠎ᠠ ᠶᠢᠨ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠶᠢᠨ ᠨᠠᠮ ᠤᠨ ᠬᠤᠷᠢᠶ᠎ᠠ ᠶᠢᠨ

ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ

ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠪᠠ ᠬᠠᠮᠢᠶ᠎ᠠ ᠪᠥᠬᠦᠶ ᠰᠠᠯᠠᠭ᠎ᠠ

ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 

          ᠰᠤᠷᠪᠤᠯᠵᠢᠯᠠᠭᠴᠢ᠄ ᠸᠠᠩ ᡁᠢ ᠹᠠᠩ      ᠵᠠᠩ ᠹᠧᠢ ᠢᠦᠢ

          ᠣᠷᠴᠢᠭᠤᠯᠣᠨᠨᠴᠢ᠄  ᠭᠧ ᠲᠤᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号